ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/1
    2 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠶᠢᠨ ᠶᠦᠩ ᠯᠢ ᠨᠡᠷ ᠤᠷᠢᠳ ᠬᠤᠵᠢᠳ ᠵᠦᠩ ᠰᠢᠨ ᠤ ᠵᠢᠯ ᠳᠤ 8 ᠲᠦᠮᠡᠨ ᠲᠣᠨ ᠭᠡᠷᠡᠯᠴᠢ    ᠴᠡᠨᠡᠭ ᠲᠤ ᠬᠡᠷᠡᠭᠯᠡᠬᠦ ᠪᠡᠯᠡᠳᠬᠡᠯ ᠬᠤᠪᠢᠷᠠᠭᠠᠬᠳᠠᠯ ᠤᠨ ᠬᠦᠴᠦᠨ ᠤ PC ᠪᠤᠯᠤᠳ ᠮᠤᠨᠠᠨᠴᠢᠷ ᠦᠢᠯᠡᠳᠪᠦᠷᠢᠯᠡᠬᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠠᠬᠢᠴᠠ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠲᠤᠬᠠᠢ ᠶᠢᠨ ᠲᠠᠯᠠᠪᠠᠢ ᠳᠤ ᠰᠤᠳᠤᠯᠤᠨ ᠵᠣᠬᠢᠴᠠᠭᠤᠯᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠪᠦᠬᠦ    ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠪᠥᠬᠦ  ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠲᠥᠷᠥᠯ ᠵᠦᠶᠯ ᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠡᠭᠦᠷᠭᠡ ᠪᠠᠨ ᠴᠢᠨᠠᠭᠰᠢᠳᠠ    ᠨᠠᠷᠢᠯᠢᠬᠵᠢᠭᠤᠯᠤᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠲᠠᠬᠢ ᠬᠠᠷᠠᠯᠲᠠ ᠶᠢ ᠴᠢᠩᠭ᠎ᠠ ᠠᠩᠬᠠᠷᠴᠤ᠂ ᠲᠣᠬᠢᠷᠠᠭᠤᠯᠤᠨ ᠵᠣᠬᠢᠴᠠᠭᠤᠯᠬᠤ ᠶᠢ ᠴᠢᠩᠭ᠎ᠠ ᠠᠳᠬᠤᠨ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠠᠵᠢᠯᠯᠠᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠲᠦᠷᠭᠡᠳᠬᠡᠨ ᠪᠦᠷᠢᠯᠳᠦᠭᠦᠯᠵᠦ᠂ ᠪᠥᠬᠦ ᠲᠤᠭᠤᠷᠢᠭ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠪᠠᠶᠢᠩᠭᠤ ᠭᠦᠨᠵᠡᠭᠡᠶᠢᠷᠡᠵᠦ᠂ ᠨᠡᠪᠲᠡᠷᠡᠯᠴᠡᠨ ᠵᠣᠯᠭᠠᠭᠤᠯᠬᠤ ᠪᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ ᠰᠢᠶᠳᠪᠦᠷᠢᠯᠡᠵᠦ ᠦᠭᠬᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠷᠢᠯᠭ᠎ᠠ ᠶᠢᠨ ᠠᠵᠢᠯ ᠬᠢᠬᠦ ᠰᠠᠶᠢᠨ ᠰᠠᠶᠢᠬᠠᠨ ᠣᠷᠴᠢᠨ ᠲᠣᠭᠤᠷᠢᠨ ᠪᠠ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠶ᠃ ᠦᠷ᠎ᠡ ᠠᠰᠢᠭ ᠢᠶᠠᠷ ᠳᠤᠤᠷ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢ ᠠᠮᠢᠳᠤᠯᠢᠬᠵᠢᠭᠤᠯᠤᠨ ᠠᠰᠢᠭᠯᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠷᠢᠨ ᠨᠢᠮᠪᠠᠶ ᠲᠥᠯᠥᠪᠵᠢᠭᠦᠯᠦᠨ ᠪᠠᠶᠢᠷᠢᠰᠢᠭᠤᠯᠵᠤ᠂ ᠠᠯᠢ ᠴᠢᠳᠠᠬᠤ ᠪᠠᠷ ᠬᠢᠵᠠᠭᠠᠷ ᠲᠠᠢ ᠣᠷᠣᠨ ᠵᠠᠶ ᠳᠤ ᠠᠵᠤ ᠦᠶᠯᠡᠰ ᠤᠨ ᠲᠥᠷᠥᠯ ᠵᠦᠶᠯ ᠢ ᠣᠯᠠᠨ ᠲᠤᠬᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠲᠥᠷᠥᠯ ᠵᠦᠶᠯ ᠢ ᠣᠯᠠᠨ ᠤᠷᠤᠭᠤᠯᠤᠨ ᠠᠪᠴᠢᠷᠠᠵᠦ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠬᠡᠷᠡᠭᠯᠡᠬᠦ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠦᠷ᠎ᠡ ᠪᠦᠲᠦᠮᠵᠢ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠬᠦᠴᠦᠨ ᠴᠢᠳᠠᠯ ᠢᠶᠠᠨ ᠨᠢᠬᠳᠠᠷᠠᠭᠤᠯᠤᠨ᠂ ᠡᠬᠢ ᠪᠠᠶᠠᠯᠢᠭ ᠢ ᠲᠥᠪᠯᠡᠷᠡᠭᠦᠯᠵᠦ᠂ ᠡᠯᠧᠮᠧᠨ᠋ᠲ ᠢ ᠬᠤᠷᠠᠮᠳᠤᠭᠤᠯᠤᠨ᠂ ᠬᠠᠪᠤᠷ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠵᠤ ᠵᠠᠪᠳᠤᠨ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠡᠷᠲᠡᠬᠡᠨ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠵᠢᠱᠢᠭᠰᠡᠨ ᠦᠢᠯᠡᠳᠪᠦᠷᠢᠯᠡᠬᠦ ᠬᠡᠮᠵᠢᠶ᠎ᠡ ᠶᠢ ᠪᠡᠶᠡᠯᠡᠬᠦᠯᠵᠤ ᠵᠢᠱᠢᠭᠰᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂  ᠬᠠᠷᠢᠶᠠᠲᠦ ᠭᠠᠵᠠᠷ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ ᠪᠣᠯᠤᠨ ᠠᠵᠢᠯᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠨᠠᠷᠢᠯᠢᠭ ᠰᠠᠶᠢᠲᠤᠷ ᠬᠢᠵᠦ᠂ ᠴᠡᠪᠡᠷ ᠲᠡᠭᠰᠢ᠂ ᠠᠮᠤᠷ ᠲᠦᠪᠰᠢᠨ ᠪᠣᠯᠪᠠᠰᠤᠨ ᠪᠠᠷᠢᠯᠭ᠎ᠠ ᠶᠢᠨ ᠭᠠᠵᠠᠷ ᠢ ᠴᠢᠷᠮᠠᠶᠢᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠠᠷᠢᠯᠴᠠᠨ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠪᠠ᠃      ᠲᠤᠭᠤᠷᠢᠭ ᠤᠨ ᠤᠳᠤᠷᠢᠳᠤᠯᠭ᠎ᠠ ᠯᠢ ᠵᠥᠩ᠂ ᠢᠦᠶ ᠷᠦᠢ ᠴᠢᠩ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号