ᠴᠢᠬᠤᠯᠠ ᠮᠡᠳᠡᠭᠡ ︕ ᠬᠥᠨᠳᠡᠯᠡᠨ ᠲᠣᠭᠤᠷᠢᠭ ᠤᠨ ᠬᠤᠶᠠᠷ ᠰᠠᠯᠠᠭ᠎ᠠ ᠮᠥᠴᠢᠷ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/11
    3 ᠰᠠᠷ᠎ᠠ ᠶᠢᠨ 8 ᠤ ᠡᠳᠦᠷ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠣᠯᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ᠮᠠᠨ ᠤ ᠬᠤᠳᠠ ᠳᠤ ᠬᠠᠮᠤᠭ ᠤᠨ ᠤᠷᠢᠳ ᠢᠶᠠᠷ ᠫᠠᠶᠢᠰᠠ ᠡᠯᠭᠦᠨ ᠪᠠᠶᠢᠭᠤᠯᠤᠭᠳᠠᠪᠠ᠂ ᠡᠨᠡ ᠨᠢ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠣᠯᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃
    ᠣᠶᠢᠯᠠᠭᠠᠭᠰᠠᠨ ᠢᠶᠠᠷ᠂ ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠲᠤᠭᠤᠷᠢᠭ ᠤᠨ ᠨᠠᠮ ᠤᠨ ᠬᠤᠷᠢᠶᠠᠨ ᠤ ᠡᠭᠦᠷᠭᠡ ᠲᠤᠰᠢᠶᠠᠯᠲᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠶ ᠲᠦᠯᠦᠪᠵᠢᠬᠦᠯᠦᠨ ᠵᠢᠯᠣᠭᠤᠳᠬᠤ ᠶᠢ    ᠬᠠᠷᠢᠭᠤᠴᠠᠵᠤ᠂ ᠠᠷᠠᠳ ᠤᠨ ᠰᠠᠨᠠᠯ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠵᠢᠯᠤᠭᠤᠳᠴᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠦᠨ ᠵᠢᠯᠤᠭᠤᠳᠬᠤ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠵᠢᠯᠣᠭᠤᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠪᠠᠨ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠨᠠᠮ ᠤᠨ ᠠᠵᠢᠯ ᠢ ᠨᠢᠭᠡᠳᠦᠯᠲᠡᠢ ᠤᠳᠤᠷᠢᠳᠤᠨ᠎ᠠ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠵᠣᠬᠢᠴᠠᠭᠤᠯᠤᠨ ᠠᠬᠢᠭᠤᠯᠤᠨ᠎ᠠ᠂ ᠬᠤᠯᠢᠮᠠᠭ ᠥᠮᠴᠢᠯᠡᠯ ᠤᠨ ᠲᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠰᠢᠨ᠎ᠡ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤ ᠴᠤᠬᠴᠠ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠲᠤᠰ ᠭᠠᠵᠠᠷ ᠣᠷᠣᠨ ᠤ ᠪᠠᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠬᠦ᠂ ᠵᠣᠬᠢᠴᠠᠭᠤᠯᠤᠨ ᠵᠢᠯᠣᠭᠤᠳᠬᠤ᠂ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠨᠢᠭᠡᠳᠦᠯᠲᠡᠶ ᠤᠳᠤᠷᠢᠳᠤᠨ᠎ᠠ᠃
    ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠣᠰ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠡᠶᠢᠳᠭᠡᠵᠦ᠂ ᠭᠤᠤᠯᠳᠠᠭᠤ ᠳ᠋ᠠᠶᠢᠲ᠋ᠠ ᠶᠢᠨ ᠬᠠᠮᠢᠶᠠᠷᠤᠯᠲᠠ ᠪᠠ ᠦᠢᠯᠡᠴᠢᠯᠡᠭᠡ ᠶᠢ ᠤᠶᠠᠯᠳᠤᠭᠤᠯᠤᠨ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ᠂ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ᠂ ᠳ᠋ᠠᠶᠢᠲ᠋ᠠ ᠶᠢᠨ ᠡᠯᠧᠮᠧᠨ᠋ᠲ ᠤᠨ ᠰᠠᠭᠤᠷᠢ ᠲᠦᠷᠢᠮ ᠤᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠮᠡᠳᠡᠭᠡ ᠵᠠᠩᠭᠢᠵᠢᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠲᠦᠯᠦᠪᠵᠢᠬᠦᠯᠦᠨ ᠬᠠᠷᠢᠭᠤᠴᠠᠨ᠎ᠠ᠃
    ᠬᠤᠶᠢᠰᠢᠳᠠ᠂ ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠰᠢᠰᠲ᠋ᠧᠮ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠲᠥᠪ ᠴᠢᠩᠭ᠎ᠠ ᠠᠵᠢᠯ ᠤᠨ ᠣᠪᠣᠷ᠂ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠲᠠᠰᠤᠷᠠᠯᠲᠠ ᠥᠬᠡᠶ ᠰᠢᠨ᠎ᠡ ᠪᠠᠶᠢᠳᠠᠯ ᠢ ᠡᠭᠦᠳᠴᠦ᠂ ᠰᠢᠨ᠎ᠡ ᠠᠮᠵᠢᠯᠲᠠ ᠪᠦᠲᠦᠮᠵᠢ ᠣᠯᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠵᠦ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠡᠷᠲᠡᠬᠡᠨ ᠬᠤᠪᠢ ᠨᠡᠮᠡᠷᠢ ᠦᠵᠡᠭᠦᠯᠵᠦ᠂ ᠢᠯᠡᠭᠦᠬᠡᠨ ᠬᠡᠷᠡᠯ ᠭᠢᠯᠪᠠᠭ᠎ᠠ ᠨᠡᠮᠡᠷᠢᠯᠡᠬᠦ    ᠪᠣᠯᠤᠨ᠎ᠠ  ᠃  ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号