ᠨᠢᠭᠡ ᠳᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠣᠨᠣᠪᠴᠢᠲᠠᠶ | ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠰᠠᠭᠤᠷᠢᠨ ᠢ ᠪᠠᠲᠤ ᠪᠠᠶᠢᠭᠤᠯᠪᠠ᠃ ︽ᠳᠤᠲᠠᠭᠳᠠᠬᠰᠠᠨ ᠢ ᠠᠭᠤᠴᠢᠯᠠᠵᠤ | ᠬᠢᠨᠠᠨ ᠵᠥᠪᠰᠢᠶᠡᠷᠡᠬᠦ + ᠠᠮᠠᠯᠠᠯᠲᠠ ᠶᠢᠨ ᠲᠦᠷᠢᠮ︾ ᠪᠠ ︽ᠵᠥᠪᠬᠡᠨ ᠨᠢᠭᠡ ᠯᠡ ᠤᠳᠠᠭ᠎ᠠ ᠭᠦᠶᠦᠵᠤ︾ ᠬᠢᠨᠠᠨ | ᠵᠥᠪᠰᠢᠶᠡᠷᠡᠬᠦ ᠶᠢ ᠬᠦᠢᠴᠡᠳᠬᠡᠬᠦ ᠠᠷᠠᠳ ᠲᠤ ᠲᠥᠬᠦᠮ ᠦᠵᠡᠭᠦᠯᠬᠦ ᠥᠭᠡᠷᠡᠴᠢᠯᠡᠯᠲᠡ ᠶᠢ ᠠᠬᠢᠭᠤᠯᠪᠠ᠃ ᠣᠳᠣᠬᠠᠨ | ᠪᠣᠯᠲᠠᠯ᠎ᠠ᠂ ᠨᠡᠶᠢᠲᠡ 909 ᠬᠤᠪᠢ ᠤᠴᠢᠷ ᠶᠠᠪᠤᠳᠠᠯ ᠢ ᠲᠠᠩᠰᠠᠯᠠᠨ ᠬᠦᠢᠴᠡᠳᠬᠡᠵᠦ᠂ ᠦᠶᠯᠡᠴᠢᠯᠡᠭᠡ ᠶᠢ ᠦᠨᠡᠯᠡᠭᠰᠡᠨ | ᠨᠣᠷᠮ᠎ᠠ 100% ᠳᠤ ᠬᠦᠷᠴᠡᠶ᠃ ᠬᠤᠶᠠᠷ ᠲᠤ᠂ ᠣᠯᠠᠨ ᠲᠠᠯ᠎ᠠ ᠠᠴᠠ ᠠᠵᠤ ᠠᠬᠤᠶᠢᠯᠠᠯ ᠳᠤ ᠦᠶᠯᠡᠴᠢᠯᠡᠬᠦ | ᠬᠤᠯᠪᠣᠭ᠎ᠠ ᠶᠢ ᠰᠦᠪᠡᠭᠴᠢᠯᠡᠵᠦ᠂ ᠬᠠᠷᠢᠯᠴᠠᠵᠤ ᠨᠡᠪᠲᠡᠷᠡᠯᠴᠡᠬᠦ ᠶᠢᠨ ᠰᠠᠭᠠᠳ ᠪᠠᠬᠢᠯᠡᠯᠲᠡ ᠶᠢ ᠡᠪᠳᠡᠪᠡ᠃ ᠬᠠᠷᠢᠶ᠎ᠠ | ᠣᠷᠣᠨ ᠤ ᠳᠣᠲᠣᠷᠠᠬᠢ ᠳᠠᠪᠠᠭᠤᠯᠢᠭ ᠠᠵᠤ ᠦᠶᠯᠡᠰ ᠤᠨ ᠦᠶᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ | ᠲᠦᠯᠦᠪᠵᠢᠬᠦᠯᠵᠦ᠂ ᠠᠵᠤ ᠠᠬᠤᠶᠢᠯᠠᠯ ᠤᠨ ᠬᠤᠯᠪᠣᠭ᠎ᠠ ᠶᠢ ᠠᠮᠢᠳᠤᠯᠢᠬᠵᠢᠭᠤᠯᠵᠤ᠂ ᠬᠠᠷᠢᠶᠠᠲᠦ ᠣᠷᠣᠨ ᠤ 7 ᠡᠮ | ᠡᠮᠨᠡᠯᠭᠡ ᠶᠢᠨ ᠠᠵᠤ ᠠᠬᠤᠶᠢᠯᠠᠯ᠂ 12 ᠪᠠᠩᠬᠢ ᠯᠤᠭ᠎ᠠ ᠬᠤᠯᠪᠣᠭᠠᠨ ᠤ ᠵᠥᠪᠯᠡᠯᠴᠡᠭᠡᠷ ᠤᠨ ᠪᠢᠴᠢᠭ ᠲᠣᠭᠲᠠᠵᠤ᠂ ︽ | 58 ᠲᠦᠩ ᠴᠧᠩ︾ ᠵᠡᠷᠭᠡ 16 ᠠᠵᠤ ᠠᠬᠤᠶᠢᠯᠠᠯ ᠯᠤᠭ᠎ᠠ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ | ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ 4 ᠠᠵᠤ ᠠᠬᠤᠶᠢᠯᠠᠯ ᠯᠤᠭ᠎ᠠ ᠬᠠᠮᠲᠤᠪᠠᠷ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠬᠤᠭᠤᠯᠠᠨ ᠬᠡᠷ ᠡᠷᠭᠢᠯᠡᠪᠡ᠃ ᠭᠤᠷᠪᠠ ᠳᠤ᠂ ᠴᠠᠭᠠᠨ | ᠵᠠᠭᠠᠮᠠᠳᠠᠨ ᠤ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ | ᠬᠤᠯᠪᠣᠭᠠᠰᠤ ᠶᠢ ᠰᠠᠶᠢᠲᠤᠷ ᠬᠤᠯᠪᠣᠪᠠ᠃ ︽ᠴᠠᠭᠠᠨ ᠵᠠᠭᠠᠮᠠᠳᠠᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ | ᠥᠷᠲᠡᠭᠡ︾ ᠶᠢ ᠰᠢᠨ᠎ᠡ ᠶᠢ ᠡᠭᠦᠳᠦᠨ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ | ᠦᠶᠯᠡᠴᠢᠯᠡᠭᠡ ᠶᠢ ᠲᠡᠯᠭᠡᠨ ᠦᠵᠡᠭᠦᠯᠬᠦ᠂ ᠬᠦᠮᠦᠵᠢᠯ ᠰᠤᠷᠤᠯᠴᠠᠯᠭ᠎ᠠ᠂ ᠠᠰᠠᠭᠤᠨ ᠯᠠᠪᠯᠠᠵᠤ ᠰᠣᠯᠢᠯᠴᠠᠬᠤ᠂ ᠵᠤᠭ᠎ᠠ | ᠴᠡᠩᠭᠡᠯ ᠰᠡᠯᠡᠭᠦᠴᠡᠯ ᠲᠠᠪᠤᠨ ᠶᠡᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠶᠯᠡᠴᠢᠯᠡᠭᠡᠨ ᠤ ᠬᠠᠮᠲᠤ ᠶᠢᠨ | ᠴᠣᠭᠴᠠ ᠶᠢ ᠪᠠᠶᠢᠭᠤᠯᠪᠠ᠃ ᠣᠳᠣᠬᠠᠨ ᠪᠣᠯᠲᠠᠯ᠎ᠠ᠂ ︽ᠴᠠᠭᠠᠨ ᠵᠠᠭᠠᠮᠠᠳᠠᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ | ᠥᠷᠲᠡᠭᠡ︾ ᠨᠢ ᠬᠠᠷᠢᠶᠠᠲᠤ ᠣᠷᠣᠨ ᠤ ᠠᠵᠤ ᠠᠬᠤᠶᠢᠯᠠᠯ ᠪᠠ ᠨᠡᠶᠢᠭᠡᠮ ᠲᠣᠭᠤᠷᠢᠭ ᠲᠤ 29 ᠤᠳᠠᠭᠠᠨ ᠤ ᠰᠣᠶᠣᠯ | ᠵᠤᠭ᠎ᠠ ᠰᠡᠯᠡᠭᠦᠴᠡᠯ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ 1200 | ᠭᠠᠷᠤᠶ ᠬᠥᠮᠦᠨ ᠢ ᠨᠥᠯᠥᠭᠡᠯᠡᠵᠡᠶ᠃ ︵ ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |