ᠶᠢᠨ ᠶᠦᠩ ᠯᠢ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/13
     3 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃       ᠶᠢᠨ ᠶᠦᠩ ᠯᠢ ᠤᠷᠢᠳ ᠬᠤᠵᠢᠳ ᠬᠦᠨᠳᠡᠯᠡᠨ ᠭᠤᠤᠯ ᠪᠠᠯᠭᠠᠰᠤᠨ ᠤ ᠸᠠᠨ ᠾᠧ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠪᠠᠭᠠᠴᠤᠤᠯ ᠵᠠᠮ ᠵᠡᠭᠡᠯᠢ ᠭᠤᠳᠤᠮᠵᠢ ᠶᠢᠨ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠠᠪᠰᠢᠯᠲᠠ ᠵᠠᠮ ᠵᠡᠭᠡᠯᠢ ᠭᠤᠳᠤᠮᠵᠢ ᠶᠢᠨ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠠᠪᠰᠢᠯᠳᠠ ᠵᠠᠮ ᠵᠡᠭᠡᠯᠢ ᠭᠤᠳᠤᠮᠵᠢ ᠶᠢᠨ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠭᠠᠵᠠᠷ ᠢᠶᠠᠷ ᠬᠦᠷᠴᠦ᠂ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠦᠬᠦ ᠲᠠᠯ᠎ᠠ ᠪᠠᠷ ᠣᠶᠢᠯᠠᠭᠠᠪᠠ᠃ ︽ᠣᠲᠣ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠳᠤ ᠶᠠᠮᠠᠷ ᠶᠠᠮᠠᠷ ᠠᠰᠠᠭᠤᠳᠠᠯ ᠣᠷᠣᠰᠢᠵᠤ ᠪᠠᠶᠢᠬᠤ ᠪᠣᠶ︖︾ ︽ᠪᠢᠳᠡ ᠶᠠᠮᠠᠷ ᠬᠦᠴᠢᠷᠳᠡᠯ ᠢ ᠬᠠᠪᠰᠤᠷᠤᠨ ᠰᠢᠶᠳᠪᠦᠷᠢᠯᠡᠵᠦ ᠥᠭᠬᠦ ᠴᠢᠬᠤᠯᠠᠲᠠᠶ ᠪᠣᠶ︖︾ ᠶᠢᠨ ᠶᠦᠩ ᠯᠢ ᠨᠠᠷᠢᠨ ᠬᠢᠨᠠᠮᠠᠭᠠᠢ ᠯᠠᠪᠯᠠᠨ ᠠᠰᠠᠭᠤᠭᠰᠠᠨ ᠪᠥᠭᠡᠳ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠳᠦᠯ ᠴᠢᠳᠠᠮᠵᠢ ᠶᠢ ᠰᠢᠯᠢᠳᠡᠭᠵᠢᠭᠦᠯᠬᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠳᠠᠨ ᠢ ᠲᠤᠬᠢᠷᠠᠭᠤᠯᠬᠤ ᠵᠡᠷᠭᠡ ᠲᠠᠯ᠎ᠠ ᠶᠢᠨ ᠠᠵᠢᠯ ᠤᠨ ᠲᠤᠬᠠᠢ ᠤᠯᠠᠨ ᠲᠠᠢ ᠭᠦᠨᠵᠡᠭᠡᠢ ᠶᠠᠷᠢᠯᠴᠠᠨ ᠰᠤᠳᠤᠯᠪᠠ᠃      ᠶᠢᠨ ᠶᠦᠩ ᠯᠢ᠂ ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠵᠠᠰᠠᠯᠲᠠ ᠶᠢᠨ ︽ᠡᠴᠦᠰ ᠤᠨ ᠨᠢᠭᠡ ᠺᠢᠯᠦᠮᠧᠲᠷ︾ ᠪᠣᠯᠤᠨ᠎ᠠ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠰᠡᠵᠢᠬᠦᠷ ᠮᠡᠳᠡᠷᠡᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠥᠨ ᠳᠠᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠤᠨ    ᠪᠦᠷᠢᠨᠰᠢᠬᠦᠯᠵᠤ᠂ ᠨᠡᠶᠢᠭᠡᠮ ᠲᠣᠭᠤᠷᠢᠭ ᠤᠨ ᠬᠦᠰᠦᠨᠦᠭᠲᠦ ᠲᠠᠭᠯᠠᠬᠤ᠂ ᠲᠠᠪᠴᠠᠩ ᠳᠤ ᠣᠷᠣᠭᠤᠯᠬᠤ᠂  ᠭᠡᠷᠡᠴᠢᠯᠡᠭᠡ ᠬᠦᠢᠴᠡᠳᠭᠡᠬᠦ ᠵᠡᠷᠭᠡ ᠪᠠᠶᠢᠳᠠᠯ ᠢ ᠴᠢᠨᠠᠭᠰᠢᠳᠠ ᠵᠢᠷᠤᠮᠵᠢᠭᠤᠯᠵᠤ᠂ ᠦᠨᠳᠦᠰᠦᠨ ᠱᠠᠲᠤᠨ ᠤ ᠺᠠᠳ᠋ᠷ ᠤᠨ ᠬᠦᠯᠢᠶᠡᠰᠦ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠦᠯ ᠴᠢᠳᠠᠮᠵᠢ ᠶᠢᠨ ᠲᠣᠬᠢᠷᠠᠭᠤᠯᠤᠯᠲᠠ᠂ ᠠᠵᠢᠯᠯᠠᠭᠠᠨ ᠤ ᠵᠠᠭᠪᠤᠷ᠂ ᠦᠶᠯᠡᠴᠢᠯᠡᠭᠡᠨ ᠤ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠪᠠ ᠣᠯᠠᠨ ᠲᠦᠮᠡᠨ ᠤ ᠢᠷᠡᠬᠦ ᠳᠤᠷᠠᠲᠠᠶ᠂ ᠦᠷᠭᠦᠯᠵᠢ ᠢᠷᠡᠬᠦ᠂ ᠬᠠᠯᠠᠭᠤᠨ ᠳᠤᠯᠠᠭᠠᠨ ᠬᠡᠷ ᠣᠷᠣᠨ ᠪᠤᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠲᠣᠭᠠᠴᠢᠯᠠᠯᠲᠠ ᠪᠠᠷ ᠡᠨᠧᠷᠭᠢ ᠣᠯᠭᠤᠬᠤ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠬᠥᠳᠡᠯᠦᠩᠭᠦᠢ ᠬᠡᠷᠡᠭᠴᠡᠭᠡ ᠶᠢ ᠣᠨᠣᠪᠴᠢᠲᠠᠢ ᠡᠵᠡᠮᠰᠢᠵᠦ᠂ ᠦᠨᠳᠦᠰᠦᠨ ᠱᠠᠲᠤᠨ ᠤ ᠡᠯ᠎ᠡ ᠲᠦᠷᠦᠯ ᠤᠨ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠢ ᠪᠠᠷ ᠴᠤᠭᠯᠠᠭᠤᠯᠬᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ᠂ ᠡᠮᠬᠢ ᠵᠢᠷᠤᠮ ᠲᠠᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠣᠭᠠᠴᠢᠯᠠᠯᠲᠠ᠂ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠲᠣᠭᠤᠷᠢᠭ ᠤᠨ ᠤᠳᠤᠷᠢᠳᠤᠯᠭ᠎ᠠ ᠵᠧᠤ ᠰᠢᠤᠸᠠᠢ ᠯᠢᠶᠠᠩ᠂ ᠢᠦᠶ ᠷᠦᠢ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ    ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号