ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2024 ᠣᠨ ᠤ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠤᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠶᠳᠪᠦᠷᠢᠯᠡᠭᠦᠯᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/14
    3 ᠰᠠᠷ᠎ᠠ ᠶᠢᠨ 12 ᠤᠨ ᠡᠳᠦᠷ᠂ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2024 ᠣᠨ ᠤ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠶᠳᠪᠦᠷᠢᠯᠡᠭᠦᠯᠬᠦ ᠠᠵᠢᠯ ᠤᠨ ᠬᠤᠷᠠᠯ ᠬᠤᠷᠠᠯᠳᠤᠪᠠ᠃
   
    ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠤᠷᠠᠯ ᠠᠴᠠ 2023 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ    ᠭᠡᠰᠢᠬᠦᠳ ᠤᠨ ᠰᠠᠨᠠᠯ ᠳᠤᠷᠠᠳᠤᠯᠭ᠎ᠠ ᠶᠢ ᠭᠦᠶᠴᠡᠳᠬᠡᠭᠰᠡᠨ ᠪᠠᠶᠢᠳᠠᠯ ᠢ ᠮᠡᠳᠡᠭᠳᠡᠵᠦ᠂ 2024 ᠣᠨ ᠤ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠤᠨ ᠰᠠᠨᠠᠯ ᠳᠤᠷᠠᠳᠤᠯᠭ᠎ᠠ ᠶᠢ ᠭᠦᠶᠴᠡᠳᠬᠡᠬᠦ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠨᠡ ᠵᠢᠯ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠠᠵᠤ ᠦᠶᠯᠡᠰ ᠤᠨ ᠬᠥᠭᠵᠢᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠤᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠠᠵᠢᠯ ᠤᠨ ᠲᠣᠭᠤᠷᠢᠨ ᠳᠤ 164 ᠬᠤᠪᠢ ᠰᠠᠨᠠᠭᠤᠯᠭ᠎ᠠ᠂ 136 ᠬᠤᠪᠢ ᠰᠠᠨᠠᠯ ᠳᠤᠷᠠᠳᠤᠯᠭ᠎ᠠ ᠳᠤᠷᠠᠳᠴᠠᠶ᠂ ᠡᠲᠡᠭᠡᠷ ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠲᠥᠯᠥᠭᠡᠯᠡᠭᠴᠢᠳ ᠭᠡᠰᠢᠭᠦᠳ ᠤᠨ ᠣᠶᠤᠨ ᠤᠬᠠᠭᠠᠨ ᠪᠠ ᠬᠦᠴᠦ ᠬᠥᠳᠡᠯᠮᠦᠷᠢ ᠰᠢᠩᠭᠡᠵᠦ᠂ ᠥᠷᠭᠡᠨ ᠣᠯᠠᠨ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ ᠪᠠᠶᠢᠬᠤ ᠪᠦᠭᠡᠳ ᠡᠷᠬᠢᠮ ᠨᠠᠨᠳᠢᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ᠂ ᠮᠡᠳᠡᠭᠡ ᠵᠠᠩᠭᠢ ᠶᠢᠨ ᠡᠬᠢ ᠪᠠᠶᠠᠯᠢᠭ ᠪᠠ ᠣᠶᠤᠨ ᠤ ᠡᠬᠢ ᠪᠠᠶᠠᠯᠢᠭ ᠪᠣᠯᠤᠨ᠎ᠠ᠃ ᠲᠣᠭᠤᠷᠢᠭ ᠳᠠᠶᠠᠭᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠢᠴᠡᠳ ᠲᠠᠨᠢᠵᠤ᠂ ᠭᠦᠢᠴᠡᠳᠬᠡᠬᠦ ᠶᠠᠰᠤ ᠴᠢᠨᠠᠷ ᠪᠠ ᠠᠬᠢᠴᠠ ᠶᠢ ᠵᠡᠷᠭᠡᠪᠡᠷ ᠠᠳᠬᠤᠬᠤ ᠶᠢ ᠪᠠᠷᠢᠮᠲᠠᠯᠠᠬᠤ ᠬᠡᠷᠡᠭᠲᠡᠶ ᠭᠡᠵᠦ    ᠴᠢᠬᠤᠯᠠᠴᠢᠯᠠᠪᠠ᠃         ᠬᠤᠷᠠᠯ ᠠᠴᠠ᠂ ᠪᠥᠬᠦ ᠲᠣᠭᠤᠷᠢᠭ ᠤᠨ ᠡᠯ᠎ᠡ ᠳᠠᠭᠠᠭᠠᠨ ᠭᠦᠶᠴᠡᠳᠬᠡᠬᠦ ᠰᠠᠯᠠᠭ᠎ᠠ ᠮᠥᠴᠢᠷ᠂ ᠨᠢᠭᠡᠴᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠬᠠᠨᠤᠮᠵᠢᠲᠠᠶ ᠪᠠᠶᠢᠬᠤ ᠡᠰᠡᠬᠦ᠂ ᠲᠥᠯᠥᠭᠡᠯᠡᠭᠴᠢ ᠭᠡᠰᠢᠭᠦᠨ ᠵᠥᠪᠰᠢᠶᠡᠷᠡᠬᠦ ᠡᠰᠡᠬᠦ ᠪᠠᠷ ᠨᠢᠭᠡᠳᠦᠭᠡᠷ ᠪᠠᠷᠢᠮᠵᠢᠶ᠎ᠠ ᠪᠣᠯᠭᠠᠵᠤ᠂ ᠵᠥᠪᠳᠡᠯᠴᠡᠨ ᠨᠡᠪᠲᠡᠷᠡᠯᠴᠡᠬᠦ ᠪᠠᠨ ᠴᠢᠩᠭᠠᠳᠬᠠᠵᠤ᠂ ᠭᠦᠶᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠦᠨᠡᠨ ᠬᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠲᠠᠭᠤ ᠠᠷᠭ᠎ᠠ ᠪᠣᠳᠠᠲᠠᠶ ᠠᠷᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠪᠠᠷ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠵᠦ ᠰᠠᠶᠢᠲᠤᠷ ᠨᠠᠶᠢᠳᠠᠪᠤᠷᠢᠵᠢᠭᠤᠯᠤᠨ᠂ ᠪᠤᠳᠠᠳᠠᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠷᠢᠭᠤᠯᠲᠠ ᠥᠭᠭᠦᠭᠰᠡᠨ ᠨᠣᠷᠮ᠎ᠠ᠂ ᠨᠠᠶᠢᠳᠠᠪᠤᠷᠢᠵᠢᠭᠤᠯᠤᠭᠰᠠᠨ ᠨᠣᠷᠮ᠎ᠠ ᠪᠠ ᠬᠠᠨᠤᠮᠵᠢ  ᠲᠠᠢ ᠪᠠᠶᠢᠬᠤ ᠨᠣᠷᠮ᠎ᠠ ᠵᠡᠷᠭᠡ ᠳᠥᠷᠪᠡᠨ ᠨᠤᠷᠮ᠎ᠠ ᠴᠦᠮ 100% ᠪᠠᠶᠢᠬᠤ ᠶᠢ ᠪᠡᠶᠡᠯᠡᠭᠦᠯᠬᠦ ᠶᠢ ᠪᠠᠲᠤᠯᠠᠵᠤ᠂ ᠪᠦᠬᠦ ᠬᠤᠲᠠ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠳᠠᠬᠢᠨ ᠪᠤᠴᠠᠬᠤ ᠳᠤ ᠭᠤᠤᠯ ᠡᠭᠦᠷᠭᠡ ᠶᠢ ᠡᠭᠦᠷᠭᠡᠯᠡᠵᠦ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠥᠨᠳᠥᠷ ᠲᠦᠪᠰᠢᠨ ᠢᠶᠠᠷ ᠠᠬᠢᠭᠤᠯᠬᠤ ᠶᠢ ᠪᠠᠷᠢᠮᠲᠠᠯᠠᠵᠤ᠂ ᠴᠢᠩᠭ᠎ᠠ ᠵᠢᠷᠤᠮᠵᠢᠭᠤᠯᠤᠨ ᠰᠢᠢᠳᠪᠦᠷᠢᠯᠡᠵᠦ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠠᠶᠢᠲᠤᠷ ᠬᠦᠢᠴᠡᠳᠭᠡᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号