ᠨᠢᠭᠡ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠣᠶ ᠪᠣᠯᠭᠠᠵᠤ᠂ ︽ᠤᠷᠤᠭᠰᠢᠯᠠᠯᠲᠠ︾ ᠶᠢᠨ | ᠪᠠᠶᠢᠳᠠᠯ ᠢ ᠨᠠᠩ ᠬᠦᠴᠦᠲᠡᠶ ᠪᠣᠯᠭᠠᠪᠠ | ᠪᠦᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠥᠷᠭᠡᠳᠭᠡᠭᠰᠡᠨ᠄ 621 ᠴᠢᠬᠤᠯᠠ ᠶᠡᠭᠡ ᠲᠥᠷᠥᠯ | ᠵᠦᠢᠯ ᠤᠨ 310 ᠨᠢ ᠪᠠᠷᠢᠯᠭ᠎ᠠ ᠳᠠᠭᠤᠰᠬᠠᠵᠤ᠂ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 374 | ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠪᠡ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ | ᠪᠤᠭᠤᠲᠤ ᠶᠢᠨ ᠬᠡᠰᠡᠭ︶᠂ ᠪᠤᠭᠤᠲᠤ ᠠᠴᠠ ᠰᠢ ᠠᠨ ᠬᠦᠷᠬᠦ ᠲᠦᠷᠭᠡᠨ ᠤ ᠲᠡᠮᠦᠷ ᠵᠠᠮ ︵ᠪᠤᠭᠤᠲᠤ ᠣᠷᠳᠤᠰ ᠤᠨ | ᠬᠡᠰᠡᠭ︶ ᠤᠨ ᠬᠡᠰᠡᠭ ᠢ ᠲᠦᠷᠭᠡᠳᠬᠡᠨ ᠠᠬᠢᠭᠤᠯᠵᠤ᠂ ᠤᠯᠤᠰ ᠤᠨ ᠵᠠᠮ ᠤᠨ 110 ᠱᠤᠭᠤᠮ ᠤᠨ ᠬᠤᠶᠢᠲᠤ | ᠪᠡᠶ᠎ᠡ ᠶᠢᠨ ᠬᠤᠲᠠ ᠶᠢ ᠲᠣᠭᠤᠷᠢᠭᠰᠠᠨ ᠵᠠᠰᠠᠮᠠᠯ ᠵᠠᠮ ᠤᠨ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ 5G ᠶᠢᠨ | ᠰᠠᠭᠤᠷᠢ ᠥᠷᠲᠡᠭᠡ ᠶᠢ 6031 ᠰᠠᠭᠤᠷᠢ ᠪᠠᠶᠢᠭᠤᠯᠵᠤ᠂ ᠤᠯᠤᠰ ᠤᠨ ︽ᠬᠤᠤᠰ ᠮᠢᠩᠭᠠᠨ ᠮᠧᠭ᠎ᠠ ᠶᠢᠨ | ᠲᠤᠷᠰᠢᠯᠲᠠ ᠶᠢᠨ ᠬᠤᠲᠠ︾ ᠪᠠᠷ ᠦᠨᠡᠯᠡᠭᠳᠡᠪᠡ᠃ | ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠲᠣᠭᠲᠠᠪᠣᠷᠢᠵᠢᠭᠤᠯᠤᠭᠰᠠᠨ᠄ ᠪᠦᠬᠦ ᠵᠢᠯ ᠳᠤ 32.7 | ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ᠂ 2.87 ᠲᠦᠮᠡᠨ ᠠᠵᠢᠯᠴᠢᠨ | ᠬᠡᠷᠡᠭᠯᠡᠬᠦ ᠶᠢ ᠰᠢᠢᠳᠪᠦᠷᠢᠯᠡᠵᠦ᠂ ᠪᠦᠬᠦ ᠨᠡᠶᠢᠭᠡᠮ ᠤᠨ ᠬᠢᠨ ᠤ ᠴᠠᠬᠢᠯᠭᠠᠨ ᠬᠡᠷᠡᠭᠯᠡᠭᠰᠡᠨ ᠬᠡᠮᠵᠢᠶ᠎ᠡ 22.8% ᠪᠠᠷ | ᠨᠡᠮᠡᠭᠳᠡᠪᠡ᠃ | ᠪᠦᠬᠦ ᠬᠦᠴᠦᠨ ᠢᠶᠠᠷ ᠢᠶᠠᠨ ᠬᠡᠷᠡᠭᠯᠡᠭᠡ ᠶᠢ ᠠᠬᠢᠭᠤᠯᠤᠭᠰᠠᠨ᠄ ︽ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ︾ | ᠵᠡᠷᠭᠡ 700 ᠲᠠᠯᠠᠪᠤᠷ ᠲᠣᠮᠣ ᠬᠡᠯᠪᠡᠷᠢ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠨᠢ 70.7 ᠳ᠋ᠦᠩᠰᠢᠭᠤᠷ | ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠤ᠂ 31 ᠲᠦᠷᠦᠭᠦᠦ ᠳᠡᠯᠭᠡᠭᠦᠷ᠂ ᠬᠤᠰᠢᠭᠤᠴᠢ ᠳᠡᠯᠭᠡᠭᠦᠷ ᠢ ᠣᠷᠣᠭᠤᠯᠤᠨ | ᠠᠪᠴᠢᠷᠠᠵᠤ᠂ ︽ᠵᠡᠭᠡᠯᠢ ᠭᠤᠳᠤᠮᠵᠢ ᠶᠢᠨ ᠲᠣᠭᠯᠠᠯᠲᠠ︾᠂ ︽ᠮᠦᠽᠧᠶ ᠶᠢᠨ ᠰᠥᠨᠢ︾ ᠵᠡᠷᠭᠡ ᠨᠢᠭᠡ ᠪᠦᠯᠦᠭ | ᠨᠠᠷᠠᠲᠤ ᠲᠡᠮᠲᠡᠭᠲᠦ ᠶᠢᠨ ᠠᠵᠢᠯᠯᠠᠭ᠎ᠠ ᠶᠢ ᠰᠢᠨ᠎ᠡ ᠪᠠᠷ ᠡᠭᠦᠳᠦᠨ ᠭᠠᠷᠭᠠᠪᠠ᠃ | ᠬᠤᠶᠠᠷ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠷᠠᠭᠤᠯᠵᠤ᠂ ︽ᠰᠢᠨ᠎ᠡ︾ ᠶᠢᠨ | ᠬᠥᠳᠡᠯᠭᠡᠬᠦ ᠬᠦᠴᠦᠨ ᠢ ᠲᠦᠷᠭᠡᠨ ᠪᠦᠷᠢᠯᠳᠦᠭᠦᠯᠪᠡ | ᠦᠯᠡᠳᠡᠭᠡᠯ ᠪᠠ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠤᠪᠢ ᠶᠢᠨ ᠵᠢᠩ ᠨᠢ ᠲᠣᠰ ᠲᠣᠰ 40.5% ᠪᠠ | 61% ᠳᠤ ᠬᠦᠷᠴᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠨᠢ ᠭᠤᠷᠪᠠᠨ ᠵᠢᠯ | ᠳᠠᠷᠠᠭᠠᠯᠠᠨ ᠪᠥᠬᠦ ᠣᠷᠣᠨ ᠤ ᠨᠢᠭᠡᠳᠦᠭᠡᠷ ᠪᠠᠶᠢᠷᠢ ᠶᠢ ᠪᠠᠲᠤᠯᠠᠪᠠ᠃ | ᠰᠢᠨ᠎ᠡ ᠪᠠᠷ ᠨᠡᠮᠡᠭᠳᠡᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 46᠂ ᠤᠯᠤᠰ ᠤᠨ | ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 177 | ᠪᠣᠯᠪᠠ᠃ | ᠠᠺᠠᠳᠧᠮᠢᠴᠢ ᠶᠢᠨ ᠠᠵᠢᠯᠯᠠᠬᠤ ᠥᠷᠲᠡᠭᠡ 3᠂ ᠥᠪᠡᠷᠲᠡᠭᠡᠨ ᠵᠠᠰᠠᠬᠤ ᠣᠷᠣᠨ ᠠᠴᠠ ᠳᠡᠭᠡᠭᠰᠢᠬᠢ ᠰᠢᠨ᠎ᠡ ᠶᠢ | ᠡᠭᠦᠳᠬᠦ ᠲᠠᠪᠴᠠᠩ 71 ᠨᠡᠮᠡᠭᠳᠡᠪᠡ᠃ | ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ 63 ᠲᠥᠷᠥᠯ ᠵᠦᠢᠯ ᠢ ᠬᠡᠷᠡᠭᠵᠢᠭᠦᠯᠪᠡ᠃ | ︽ᠪᠤᠭᠤᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠳᠦᠷ︾ ᠢ ᠪᠠᠶᠢᠭᠤᠯᠵᠤ᠂ | ᠬᠤᠶᠠᠳᠤᠭᠠᠷ ᠬᠤᠭᠤᠴᠠᠭᠠᠨ ᠤ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ︾ ᠢ | ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠦᠬᠦ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠭᠰᠠᠨ ᠵᠢᠱᠢᠶ᠎ᠡ ᠦᠵᠡᠭᠦᠯᠬᠦ ᠬᠤᠳᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠵᠠᠭᠤᠨ ᠬᠦᠴᠦᠷᠬᠡᠭ ᠬᠤᠳᠠ ᠪᠠᠷ ᠰᠣᠩᠭᠤᠭᠳᠠᠪᠠ᠃ | ᠭᠤᠷᠪᠠ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ᠴᠤᠭᠯᠠᠷᠠᠯ︾ ᠤᠨ ᠳᠠᠪᠠᠭᠤᠯᠢᠭ ᠢ | ᠨᠡᠩ ᠳᠤᠪᠤᠶᠢᠮ᠎ᠠ ᠪᠣᠯᠭᠠᠪᠠ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠦᠷᠭᠡᠨ ᠴᠤᠭᠯᠠᠷᠠᠭᠰᠠᠨ᠄ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠦᠢᠯᠡᠳᠬᠦ | ᠦᠢᠯᠡᠰ ᠤᠨ ᠨᠡᠮᠡᠭᠳᠡᠯ ᠦᠷᠳᠡᠭ ᠲᠤᠰ ᠲᠤᠰ 28.8% ᠪᠠ 9.6% ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ | ᠰᠢᠨ᠎ᠡ ᠡᠨᠧᠷᠬᠢ ᠶᠢᠨ ᠲᠣᠣᠷ ᠲᠤ ᠨᠡᠶᠢᠯᠡᠭᠦᠯᠦᠭᠰᠡᠨ ᠬᠡᠮᠵᠢᠶ᠎ᠡ 170 ᠲᠦᠮᠡᠨ ᠺᠢᠯᠤᠸᠠᠲ᠂ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠶᠢᠨ ᠡᠵᠡᠯᠡᠬᠦ ᠬᠠᠷᠢᠴᠠᠯ 40% ᠶᠢ ᠳᠠᠪᠠᠪᠠ᠃ | ᠤᠯᠠᠮᠵᠢᠯᠠᠯᠲᠤ ᠠᠵᠤ ᠦᠢᠯᠡᠰ ᠤᠨ ᠳᠡᠭᠡᠳᠦ ᠳᠡᠰᠴᠢᠯᠡᠭᠰᠡᠨ᠂ ᠤᠶᠤᠨᠴᠢᠯᠠᠭᠰᠠᠨ᠂ ᠪᠣᠬᠢᠷᠳᠤᠯ ᠦᠭᠡᠢ | ᠪᠣᠯᠭᠠᠬᠤ ᠠᠬᠢᠴᠠ ᠲᠦᠷᠭᠡᠰᠦᠭᠰᠡᠨ᠄ ᠠᠵᠤ ᠦᠢᠯᠡᠳᠪᠦᠷᠢ ᠶᠢᠨ ᠮᠡᠷᠭᠡᠵᠢᠯ ᠤᠨ ᠲᠦᠷᠦᠯ ᠤᠨ ᠥᠭᠡᠷᠡᠴᠢᠯᠡᠯᠲᠡ᠂ | ᠲᠣᠭᠠᠴᠢᠯᠠᠭᠰᠠᠨ ᠲᠦᠷᠦᠯ ᠵᠦᠢᠯ 353 ᠪᠠᠶᠢᠵᠤ᠂ 14 ︽ᠲᠤᠰᠬᠠᠢ ᠨᠠᠷᠢᠯᠢᠭ ᠣᠨᠴᠠᠭᠠᠢ ᠰᠢᠨ᠎ᠡ︾ ᠳᠤᠮᠳᠠ | ᠵᠢᠵᠢᠭ ᠠᠵᠤ ᠠᠬᠤᠶᠢᠯᠠᠯ᠂ 80 ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠬᠤᠶᠠᠷ ᠵᠢᠯ ᠳᠠᠷᠠᠭᠠᠯᠠᠨ ᠬᠠᠭᠤᠴᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ ᠢ ᠲᠣᠬᠢᠷᠠᠭᠤᠯᠤᠨ ᠥᠭᠡᠷᠡᠴᠢᠯᠡᠬᠦ ᠪᠠ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠠᠵᠢᠯ ᠤᠨ ᠦᠷ᠎ᠡ ᠪᠦᠲᠦᠮᠵᠢ ᠢᠯᠡᠷᠬᠡᠢ ᠬᠤᠳᠠ ᠪᠣᠯᠪᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠳᠡᠰ ᠳᠡᠪᠰᠢᠭᠰᠡᠨ᠄ ᠤᠯᠤᠰ ᠤᠨ ᠣᠳᠣ ᠦᠶ᠎ᠡ ᠶᠢᠨ | ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠬᠤ ᠬᠤᠲᠠ᠂ ᠦᠢᠯᠡᠳᠪᠦᠷᠢᠯᠡᠯ ᠦᠢᠯᠡᠴᠢᠯᠡᠭᠡᠨ ᠤ | ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷ ᠰᠣᠩᠭᠤᠭᠳᠠᠪᠠ᠃ ᠴᠢ ᠱᠢ ᠰᠦᠨ ᠤ ᠦᠢᠯᠡᠰ | ᠪᠡᠭᠡᠵᠢᠩ ᠤᠨ ᠲᠡᠮᠲᠡᠭᠲᠦ ᠠᠷᠠᠯᠵᠢᠶᠠᠯᠠᠬᠤ ᠭᠠᠵᠠᠷ ᠤᠨ ᠰᠦᠨ ᠤ ᠦᠢᠯᠡᠰ ᠤᠨ ᠠᠩᠬᠠᠳᠠᠭᠴᠢ ᠬᠤᠪᠢ᠂ ᠲᠢᠶᠠᠨ ᠾᠧ | ᠰᠣᠷᠢᠨᠵᠢᠨ ᠮᠠᠲ᠋ᠧᠷᠢᠶᠠᠯ᠂ ᠶᠢᠩ ᠰᠾᠢ ᠲᠧ ᠬᠤᠪᠣᠷ ᠴᠤᠬᠠᠭ ᠰᠣᠷᠢᠨᠵᠢᠨ ᠵᠠᠬ᠎ᠠ ᠳᠡᠯᠭᠡᠭᠦᠷ ᠲᠤ ᠭᠠᠷᠬᠤ ᠪᠠᠷ | ᠳᠠᠮᠵᠢᠭᠤᠯᠤᠨ ᠬᠢᠨᠠᠨ ᠬᠠᠷᠭᠤᠭᠤᠯᠪᠠ᠃ ᠵᠤᠭᠠᠴᠠᠭᠰᠠᠳ ᠲᠤ ᠨᠥᠬᠦᠷᠰᠡᠭ ᠬᠡᠯᠪᠡᠷᠢ ᠶᠢᠨ ᠬᠤᠲᠠ ᠶᠢ ᠪᠠᠶᠢᠭᠤᠯᠬᠤ | ᠨᠠᠢᠮᠠᠨ ᠵᠦᠢᠯ ᠤᠨ ᠠᠷᠭ᠎ᠠ ᠬᠡᠮᠵᠢᠶ᠎ᠡ ᠠᠪᠴᠤ᠂ ︽1 + 4︾ ᠮᠠᠷᠠᠽᠤᠨ᠂ ᠮᠣᠷᠢᠨ ᠮᠡᠷᠭᠡᠵᠢᠯ ᠤᠨ ᠰᠢᠷᠢᠰ | ᠤᠷᠤᠯᠳᠤᠭᠠᠨ ᠵᠡᠷᠭᠡ ᠠᠵᠢᠯᠯᠠᠭ᠎ᠠ ᠬᠦᠷ ᠬᠦᠭᠵᠢᠶᠡᠨ ᠢᠶᠠᠷ ᠪᠢᠯᠬᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠲᠣᠨᠣᠭᠯᠠᠯ ᠤᠨ ᠦᠵᠡᠭᠦᠯᠭᠡ ᠵᠡᠷᠭᠡ ᠲᠣᠮᠣ ᠬᠡᠯᠪᠡᠷᠢ ᠶᠢᠨ ᠦᠵᠡᠰᠬᠦᠯᠡᠩ ᠢ 10 ᠲᠠᠯᠠᠪᠤᠷ ᠡᠷᠬᠢᠯᠡᠪᠡ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠦᠭᠰᠡᠨ᠄ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1 | ᠲᠦᠮᠡᠨ ᠮᠥ ᠰᠢᠨ᠎ᠡ ᠪᠠᠷ ᠪᠠᠶᠢᠭᠤᠯᠵᠤ᠂ ᠪᠡᠯᠡᠳᠭᠡᠮᠵᠢᠳᠤ ᠲᠠᠷᠢᠶᠠᠯᠠᠩ ᠢ 2.1 ᠲᠦᠮᠡᠨ ᠮᠥ ᠥᠭᠡᠷᠡᠴᠢᠯᠡᠵᠦ᠂ ᠠᠮᠤ | ᠪᠤᠳᠠᠭᠠᠨ ᠤ ᠤᠨᠠᠯᠲᠠ ᠶᠢ ︽ᠠᠷᠪᠠᠨ ᠬᠤᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃ | ᠰᠦ ᠶᠢᠨ ᠭᠠᠷᠤᠯᠲᠠ 14% ᠪᠠᠷ ᠨᠡᠮᠡᠭᠳᠡᠵᠦ᠂ ᠮᠢᠬᠠᠨ ᠤ ᠲᠥᠷᠥᠯ ᠤᠨ ᠭᠠᠷᠤᠯᠲᠠ 7.2% ᠢᠶᠠᠷ ᠨᠡᠮᠡᠭᠳᠡᠪᠡ᠃ | ᠳᠥᠷᠪᠡ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ︽ᠰᠢᠪᠲᠤᠯᠤᠯᠲᠠ︾ ᠶᠢᠨ ᠠᠰᠢᠭ | ᠤᠯᠵᠠᠪᠤᠷᠢ ᠶᠢᠨ ᠠᠬᠢᠴᠠ ᠶᠢ ᠲᠥᠷᠭᠡᠳᠭᠡᠪᠡ | ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠳᠠᠬᠢᠨ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠨ ᠨᠡᠶᠢᠯᠡᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠡᠵᠡᠩᠨᠡᠯᠲᠡ ᠶᠢᠨ ᠣᠷᠣᠯᠭ᠎ᠠ ᠶᠢ 27.5% ᠪᠠᠷ ᠨᠡᠮᠡᠭᠳᠡᠭᠦᠯᠪᠡ᠃ ᠡᠳ᠋ ᠤᠨ ᠵᠠᠰᠠᠭ ᠤᠨ ︽ᠲᠣᠮᠣ ᠡᠳ᠋ ᠬᠥᠷᠥᠩᠭᠡ︾ | ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ︽ᠣᠨ ᠤ ᠣᠷᠣᠨ ᠨᠤᠲᠤᠭ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠳᠤ ᠰᠣᠩᠭᠤᠭᠳᠠᠪᠠ᠃ ︽ᠣᠯᠠᠨ ᠬᠢᠨᠠᠯᠲᠠ ᠶᠢ | ᠨᠢᠭᠡᠳᠭᠡᠬᠦ᠂ ᠣᠯᠠᠨ ᠦᠨᠡᠮᠯᠡᠯ ᠢ ᠨᠢᠭᠡᠳᠭᠡᠬᠦ᠂ ᠣᠯᠠᠨ ᠬᠡᠮᠵᠢᠯᠲᠡ ᠶᠢ ᠨᠢᠭᠡᠳᠬᠡᠬᠦ︾ ᠶᠢ ᠭᠦᠨᠵᠡᠭᠡᠢ ᠲᠦᠯᠬᠢᠨ | ᠠᠬᠢᠭᠤᠯᠵᠤ᠂ ᠪᠦᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 3.5 ᠲᠦᠮᠡᠨ ᠡᠷᠦᠬᠡ | ᠰᠢᠨ᠎ᠡ ᠪᠠᠷ ᠨᠡᠮᠡᠭᠳᠡᠵᠦ᠂ 39.6% ᠪᠠᠷ ᠨᠡᠮᠡᠭᠳᠡᠪᠡ᠃ ︽2023 ᠣᠨ ᠤ ᠪᠥᠬᠦ ᠤᠯᠤᠰ ᠤᠨ ᠲᠣᠭᠠᠴᠢᠯᠠᠭᠰᠠᠨ | ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠱᠠᠩᠨᠠᠯ︾ ᠢ ᠭᠥᠷᠳᠡᠵᠦ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠪᠥᠬᠦ | ᠤᠯᠤᠰ ᠤᠨ ᠶᠠᠰᠤ ᠴᠢᠨᠠᠷ ᠤᠨ ᠳᠠᠪᠰᠢᠯᠲᠠ ᠶᠢᠨ ᠥᠯᠢᠭᠡᠷ ᠵᠢᠱᠢᠶ᠎ᠡ ᠪᠠ ᠦᠢᠯᠡᠴᠢᠯᠡᠭᠡ ᠶᠢ ᠰᠢᠯᠢᠳᠡᠭᠵᠢᠭᠦᠯᠬᠦ ᠥᠯᠢᠭᠡᠷ | ᠳᠠᠭᠤᠷᠢᠶᠠᠯ ᠤᠨ ᠱᠠᠩᠨᠠᠯ ᠢᠶᠠᠷ ᠦᠨᠡᠯᠡᠭᠳᠡᠪᠡ᠃ ᠮᠠᠨᠳᠤᠯ ᠬᠢᠯᠢ ᠶᠢᠨ ᠪᠣᠭᠤᠮᠲᠠ ᠶᠢᠨ ᠪᠠᠷᠠᠭ᠎ᠠ ᠳᠠᠮᠵᠢᠭᠤᠯᠬᠤ ᠬᠡᠮᠵᠢᠶ᠎ᠡ | 500 ᠲᠦᠮᠡᠨ ᠲᠤᠨ ᠢ ᠳᠠᠪᠠᠵᠤ᠂ ᠠᠭᠠᠷ ᠤᠨ ᠠᠶᠠᠯᠠᠯ ᠤᠨ ᠪᠣᠭᠤᠮᠲᠠ ᠶᠢᠨ ᠭᠠᠳᠠᠭᠰᠢ ᠨᠡᠬᠡᠭᠡᠯᠲᠡ ᠬᠢᠬᠦ ᠶᠢ | ᠪᠡᠶᠡᠯᠡᠭᠦᠯᠪᠡ᠃ | ᠲᠠᠪᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ︽ᠭᠤᠶᠤ︾ ᠶᠢᠨ ᠳᠦᠷᠰᠦ ᠪᠠᠶᠢᠳᠠᠯ ᠢ | ᠦᠷᠭᠦᠯᠵᠢᠯᠡᠨ ᠢᠯᠡᠷᠡᠭᠦᠯᠪᠡ | ︽ᠪᠤᠭᠤᠲᠤ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵ | 2021 - 2035︶︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ | 30 ᠵᠦᠢᠯ ᠤᠨ ᠵᠠᠮ ᠤᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 30 ᠵᠤᠷᠪᠤᠰ ᠮᠤᠬᠤᠷ | ᠵᠠᠮ ᠢ ᠨᠡᠪᠲᠡᠷᠡᠭᠦᠯᠵᠦ᠂ 5077 ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠤᠩ ᠢ ᠪᠠᠶᠢᠭᠤᠯᠵᠤ ᠳᠠᠭᠤᠰᠬᠠᠪᠠ᠃ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 450.2 ᠲᠦᠮᠡᠨ ᠲᠡᠭᠰᠢ ᠳᠥᠷᠪᠡᠯᠵᠢᠨ ᠮᠧᠳ᠋ᠷ | ᠥᠭᠡᠷᠡᠴᠢᠯᠡᠨ ᠪᠠᠶᠢᠭᠤᠯᠵᠤ᠂ 5.2 ᠲᠦᠮᠡᠨ ᠡᠷᠦᠬᠡ ᠳᠤ ᠠᠰᠢᠭ ᠬᠦᠷᠲᠡᠭᠡᠵᠦ᠂ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢ 2376 ᠢᠵᠢ ᠪᠠᠶᠢᠭᠤᠯᠵᠤ᠂ ᠭᠤᠷᠪᠠᠨ ᠵᠢᠯ ᠳᠠᠷᠠᠭᠠᠯᠠᠨ ᠪᠥᠬᠦ ᠤᠯᠤᠰ ᠤᠨ | ᠬᠤᠲᠠ ᠶᠢᠨ ᠪᠠᠶᠢᠴᠠᠭᠠᠯᠲᠠ ᠶᠢᠨ ᠥᠯᠢᠭᠡᠷ ᠬᠤᠲᠠ ᠳᠤ ᠰᠣᠩᠭᠤᠭᠳᠠᠪᠠ᠃ 340 ᠺᠢᠯᠣᠮᠧᠳ᠋ᠷ ᠬᠦᠳᠡᠭᠡ | ᠲᠣᠰᠬᠤᠨ ᠤ ᠵᠠᠰᠠᠮᠠᠯ ᠵᠠᠮ᠂ 4183 ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ | ᠵᠢᠷᠭᠤᠭ᠎ᠠ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ︽ᠨᠣᠭᠤᠭᠠᠨ︾ ᠤ ᠰᠠᠭᠤᠷᠢ | ᠥᠩᠭᠡ ᠶᠢ ᠲᠠᠰᠤᠷᠠᠯᠲᠠ ᠦᠭᠡᠢ ᠵᠣᠵᠠᠭᠠᠳᠬᠠᠪᠠ | ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ᠂ ᠣᠢ ᠰᠢᠭᠤᠢ ᠶᠢᠨ ᠪᠦᠷᠬᠦᠴᠡ ᠲᠤᠰ ᠲᠤᠰ 35.1% | ᠪᠠ 18.8% ᠲᠤ ᠬᠦᠷᠪᠡ᠃ ᠪᠦᠬᠦ ᠬᠤᠲᠠ ᠶᠢᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ 86.5% ᠳᠤ ᠬᠦᠷᠪᠡ᠃ 8 ᠭᠠᠵᠠᠷ ᠳᠡᠭᠡᠷᠡᠬᠢ ᠤᠰᠤᠨ ᠤ ᠤᠯᠤᠰ ᠤᠨ | ᠪᠠᠶᠢᠴᠠᠭᠠᠯᠲᠠ ᠶᠢᠨ ᠣᠭᠲᠣᠯᠤᠭᠠᠰᠤ ᠪᠣᠯᠤᠨ 4 ᠬᠠᠲᠤᠨ ᠭᠤᠣᠯ ᠤᠨ ᠰᠠᠯᠪᠤᠷᠢ ᠤᠷᠤᠰᠬᠠᠯ ᠳᠤ ᠣᠷᠤᠵᠤ ᠪᠠᠶᠢᠭ᠎ᠠ | ᠤᠰᠤᠨ ᠤ ᠴᠢᠨᠠᠷ ᠠᠩᠬ᠎ᠠ ᠤᠳᠠᠭ᠎ᠠ ᠪᠦᠬᠦ ᠲᠠᠯ᠎ᠠ ᠪᠠᠷ ᠰᠢᠭᠠᠷᠤ ᠶᠢ ᠤᠰᠠᠳᠬᠠᠬᠤ ᠶᠢ ᠪᠡᠶᠡᠯᠡᠭᠦᠯᠪᠡ᠃ ᠡᠩ ᠤᠨ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ 54% ᠳᠤ | ᠬᠦᠷᠪᠡ᠃ ᠤᠯᠤᠰ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ | ᠰᠦᠢᠳᠬᠦ ᠶᠢ ᠵᠠᠰᠠᠬᠤ ᠭᠤᠣᠯᠳᠠᠯᠭ᠎ᠠ ᠲᠠᠢ ᠬᠤᠲᠠ ᠪᠠ ᠪᠦᠬᠦ ᠤᠯᠤᠰ ᠤᠨ ᠳᠠᠬᠢᠯᠲᠠ ᠤᠰᠤ ᠶᠢ ᠠᠰᠢᠭᠯᠠᠬᠤ | ᠲᠣᠬᠢᠷᠠᠭᠤᠯᠤᠯᠲᠠ ᠶᠢᠨ ᠰᠢᠯᠢᠳᠡᠭ ᠲᠤᠷᠰᠢᠯᠲᠠ ᠶᠢᠨ ᠴᠡᠭ ᠤᠨ ᠬᠤᠲᠠ ᠪᠠᠷ ᠰᠣᠩᠭᠤᠭᠳᠠᠪᠠ᠃ ᠤᠯᠤᠰ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠮᠵᠢᠯᠲᠡ ᠶᠢᠨ ᠲᠥᠪ ︵ᠥᠪᠥᠷ ᠮᠣᠩᠭᠤᠯ︶ ᠤᠨ ᠪᠤᠭᠤᠲᠤ ᠶᠢᠨ | ᠬᠤᠪᠢᠶᠠᠷᠢ ᠲᠥᠪ ᠫᠠᠶᠢᠰᠠ ᠡᠯᠭᠦᠨ ᠪᠠᠶᠢᠭᠤᠯᠤᠭᠳᠠᠵᠤ᠂ ᠪᠦᠬᠦ ᠣᠷᠣᠨ ᠤ ᠠᠩᠬᠠᠳᠠᠭᠴᠢ ︽ᠤᠢ ᠰᠢᠭᠤᠢ ᠡᠪᠡᠰᠦ | ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠪᠢᠯᠧᠲ ᠤᠨ ᠵᠢᠭᠡᠯᠡᠯᠭᠡ︾ ᠶᠢ ᠲᠠᠷᠬᠠᠭᠠᠵᠤ᠂ 7 ᠵᠦᠢᠯ ᠤᠨ ᠤᠢ ᠰᠢᠭᠤᠢ | ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠣᠷᠣᠨ ᠨᠤᠲᠤᠭ ᠤᠨ | ᠪᠠᠷᠢᠮᠵᠢᠶ᠎ᠠ ᠶᠢ ᠭᠠᠷᠭᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠣᠷᠣᠨ ᠪᠦᠰᠡ | ᠠᠯᠤᠰᠯᠠᠭᠰᠠᠨ ᠠᠷᠠᠯᠵᠢᠶ᠎ᠠ ᠪᠠ ᠣᠷᠣᠨ ᠪᠦᠰᠡ ᠶᠢᠨ ᠨᠥᠬᠦᠪᠥᠷᠢ ᠶᠢ ᠥᠷᠨᠢᠭᠦᠯᠵᠦ᠂ ᠤᠯᠤᠰ ᠤᠨ ᠠᠩᠬᠠᠳᠠᠭᠴᠢ | ᠪᠦᠯᠦᠭ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠲᠤᠷᠰᠢᠯᠲᠠ ᠶᠢᠨ ᠴᠡᠭ ᠤᠨ ᠬᠤᠲᠠ ᠪᠠᠷ ᠰᠣᠩᠭᠤᠭᠳᠠᠪᠠ᠃ | | ᠳᠣᠯᠤᠭ᠎ᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ︽ᠠᠰᠢᠭ ᠬᠦᠷᠲᠡᠭᠡᠬᠦ︾ ᠶᠢᠨ | ᠡᠷᠴᠢᠮ ᠢ ᠦᠷᠭᠦᠯᠵᠢᠯᠡᠨ ᠴᠢᠩᠭᠠᠷᠠᠭᠤᠯᠪᠠ | ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠭᠰᠠᠨ᠄ 22 | ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ᠂ | ᠲᠣᠰ ᠲᠣᠰ 2710᠂ 10080 ᠡᠷᠳᠡᠮ ᠤᠨ ᠴᠣᠯᠠ ᠶᠢ ᠰᠢᠨ᠎ᠡ ᠪᠠᠷ ᠨᠡᠮᠡᠪᠡ᠃ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠪᠦᠯᠦᠭᠯᠡᠯ ᠢ 21 ᠪᠠᠶᠢᠭᠤᠯᠵᠤ᠂ 3 ᠣᠷᠦ᠋ᠢᠯᠠᠭᠰᠠᠨ ᠰᠢᠨ᠎ᠡ ᠶᠢ ᠡᠭᠦᠳᠬᠦ | ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠤᠨ ᠰᠤᠷᠭᠠᠭᠤᠯᠢ᠂ 5 ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢ ᠪᠤᠶᠢᠵᠢᠭᠤᠯᠪᠠ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠪᠤᠭᠤᠲᠤ ᠳᠤ ᠪᠠᠨ ᠦᠯᠡᠳᠡᠭᠡᠨ ᠠᠪᠬᠤ ᠨᠣᠷᠮ᠎ᠠ 5.6 ᠵᠠᠭᠤᠨ ᠤ ᠴᠡᠭ ᠳᠡᠭᠡᠭᠰᠢᠯᠡᠪᠡ᠃ | ᠡᠮᠴᠢᠯᠡᠭᠡᠨ ᠤ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠤᠭᠴᠠᠯᠠᠭᠰᠠᠨ᠄ ᠪᠤᠭᠤᠲᠤ ᠶᠢᠨ | ᠡᠮᠨᠡᠯᠭᠡ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠭᠤᠷᠪᠠᠳᠤᠭᠠᠷ ᠳᠡᠰ ᠤᠨ ᠬᠥᠬᠡ ᠲᠠᠰ ᠤᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠣᠨ ᠳᠡᠪᠰᠢᠵᠦ᠂ ᠪᠤᠭᠤᠲᠤ ᠶᠢᠨ ᠡᠮᠨᠡᠯᠭᠡ ᠶᠢᠨ ᠨᠢᠭᠡᠳᠦᠭᠡᠷ ᠬᠠᠷᠢᠶᠠᠲᠤ | ᠡᠮᠨᠡᠯᠭᠡ ᠶᠢᠨ ᠬᠤᠷᠢᠶ᠎ᠠ ᠶᠢᠨ ᠬᠠᠭᠤᠷᠠᠢ ᠡᠰ ᠰᠤᠳᠤᠯᠬᠤ ᠭᠠᠵᠠᠷ᠂ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ | ᠬᠤᠷᠢᠶ᠎ᠠ ᠶᠢᠨ ᠡᠷᠬᠡᠲᠡᠨ ᠰᠢᠯᠵᠢᠭᠦᠯᠦᠨ ᠤᠷᠭᠤᠭᠤᠯᠬᠤ ᠲᠥᠪ ᠪᠥᠬᠦ ᠣᠷᠣᠨ ᠤ ᠬᠤᠭᠤᠰᠣᠨ ᠢ ᠨᠦᠬᠦᠪᠦᠷᠢᠯᠡᠪᠠ᠃ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠳ ᠴᠥᠮ ᠮᠤᠵᠢ ᠠᠯᠤᠰᠯᠠᠨ ᠣᠨᠳᠣᠤ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠬᠡᠷᠡᠭᠵᠢᠭᠦᠯᠪᠡ᠃ ᠪᠦᠬᠦ ᠣᠯᠣᠰ ᠤᠨ ︽ᠮᠤᠵᠢ ᠶᠢᠨ | ᠳᠡᠰ ᠤᠨ ᠡᠷᠡᠭᠦᠯ ᠮᠡᠨᠳᠦ ᠶᠢᠨ ᠬᠤᠲᠠ ᠶᠢᠨ ᠦᠯᠢᠭᠡᠷ ᠳᠠᠭᠤᠷᠢᠶᠠᠯ ᠬᠤᠲᠠ︾ ᠪᠠᠷ ᠰᠣᠩᠭᠤᠭᠳᠠᠪᠠ᠃ | ᠰᠣᠶᠣᠯ ᠤᠨ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠤᠭᠴᠠᠯᠠᠭᠰᠠᠨ᠄ ︽ᠨᠣᠮ ᠤᠨ ᠰᠠᠩ ᠤᠨ | ᠳᠠᠭᠤᠤ ᠬᠥᠭᠵᠢᠮ ᠤᠨ ᠴᠤᠭᠯᠠᠭᠠᠨ︾᠂ ︽ᠳᠠᠭᠤᠤ ᠬᠥᠭᠵᠢᠮ ᠤᠨ ᠨᠡᠶᠢᠲᠡ ᠶᠢᠨ ᠮᠠᠰᠢᠨ ᠲᠡᠷᠭᠡ︾ ᠵᠡᠷᠭᠡ | ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ 20 ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠬᠡᠲᠦ ᠳᠡᠯᠭᠡᠭᠦᠷ᠂ 20 ︽ᠪᠦᠬᠦ ᠣᠳᠣᠳ ᠤᠨ ᠵᠢᠵᠢᠭ ᠲᠠᠶᠢᠰᠠ︾ ᠶᠢ ᠪᠠᠶᠢᠭᠤᠯᠵᠤ᠂ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠶᠢ 1500 ᠭᠠᠷᠤᠶ ᠲᠠᠯᠠᠪᠤᠷ ᠡᠷᠭᠢᠯᠡᠵᠦ᠂ ᠳᠠᠭᠤᠯᠠᠯᠲᠤ ᠵᠦᠴᠦᠭᠡ ︽ᠬᠤᠤᠰ | ᠵᠢᠭᠦᠷᠲᠦ ᠬᠤᠪᠢᠯᠭᠠᠨ ᠮᠣᠷᠢ︾ ᠨᠢ ᠪᠥᠬᠦ ᠤᠯᠤᠰ ᠤᠨ ᠰᠢᠯᠢᠳᠡᠭ ᠵᠦᠴᠦᠭᠡ ᠶᠢᠨ ᠱᠠᠩᠨᠠᠯ ᠢ ᠭᠥᠷᠳᠡᠪᠡ᠃ | ᠪᠦᠬᠦ ᠬᠤᠲᠠ ᠶᠢᠨ ᠬᠤᠲᠠ ᠪᠠᠯᠭᠠᠰᠤᠨ ᠤ 4.09 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 2.94 % ᠪᠠᠶᠢᠪᠠ᠃ ᠪᠥᠬᠦ | ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠷᠭᠡᠳᠭᠡᠭᠰᠡᠨ ᠬᠡᠪᠴᠢᠶ᠎ᠡ ᠶᠢ 5.2 ᠲᠦᠮᠡᠨ ᠬᠥᠮᠦᠨ | ᠰᠢᠨ᠎ᠡ ᠪᠠᠷ ᠨᠡᠮᠡᠭᠳᠡᠵᠦ᠂ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ ᠬᠥᠮᠦᠨ | ᠪᠦᠷᠢ ᠰᠠᠷ᠎ᠠ ᠳᠤ 882 ᠲᠥᠭᠦᠷᠢᠭ ᠪᠠ 661 ᠲᠥᠭᠦᠷᠢᠭ ᠪᠣᠯᠭᠠᠨ ᠳᠡᠭᠡᠭᠰᠢᠯᠡᠭᠦᠯᠵᠦ᠂ 4.1 ᠲᠦᠮᠡᠨ | ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠪᠠ᠃ ᠪᠦᠬᠦ ᠤᠯᠤᠰ ᠤᠨ ᠠᠮᠢᠳᠤᠯᠢᠭ ᠢᠶᠠᠷ ᠠᠵᠢᠯ ᠣᠯᠤᠭᠰᠠᠨ | ᠬᠥᠮᠦᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ | ᠲᠤᠷᠰᠢᠯᠲᠠ ᠶᠢᠨ ᠴᠡᠭ ᠤᠨ ᠬᠤᠲᠠ ᠳᠤ ᠣᠷᠣᠯᠴᠠᠬᠤ ᠪᠠᠷ ᠵᠥᠪᠰᠢᠶᠡᠷᠡᠪᠡ᠃ 22 ᠬᠤᠲᠠ ᠬᠥᠳᠡᠭᠡ ᠶᠢᠨ | ᠨᠠᠰᠤᠵᠢᠯ ᠤᠨ ᠦᠢᠯᠡᠴᠢᠯᠡᠭᠡᠨ ᠤ ᠲᠥᠪ᠂ 1311 ᠭᠡᠷ ᠪᠦᠯᠢ ᠶᠢᠨ ᠨᠠᠰᠤᠵᠢᠯ ᠤᠨ ᠣᠷᠣ ᠶᠢ ᠨᠡᠮᠡᠵᠦ᠂ 6 ᠨᠡᠶᠢᠭᠡᠮ | ᠲᠣᠭᠤᠷᠢᠭ ᠨᠢ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ | ᠨᠡᠶᠢᠭᠡᠮ ᠲᠣᠭᠤᠷᠢᠭ ᠢᠶᠠᠷ ᠦᠨᠡᠯᠡᠭᠳᠡᠪᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ︽24 ᠴᠠᠭ ᠤᠨ ᠴᠠᠭᠳᠠᠭᠠᠨ ᠤ | ᠲᠣᠪᠴᠢᠶ᠎ᠠ︾ ᠨᠢ ᠪᠥᠬᠦ ᠤᠯᠤᠰ ᠤᠨ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ | ᠰᠣᠳᠣᠨ ᠬᠡᠷᠡᠭ ᠤᠨ ᠵᠢᠱᠢᠶ᠎ᠡ ᠪᠠᠷ ᠦᠨᠡᠯᠡᠭᠳᠡᠵᠦ᠂ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠳᠤ ᠰᠣᠩᠭᠤᠭᠳᠠᠪᠠ᠃ | |