ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠭᠤᠤᠯ ᠴᠣᠭᠴᠠ ᠶᠢ ᠨᠡᠶᠢᠲᠡᠯᠡᠬᠦ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠷᠯᠠᠯ
ᠨᠡᠶᠢᠲᠡᠯᠡᠭᠰᠡᠨ ᠴᠠᠭ᠄
2024/3/18
ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠭᠤᠤᠯ ᠴᠣᠭᠴᠠ ᠶᠢ ᠨᠡᠶᠢᠲᠡᠯᠡᠬᠦ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠷᠯᠠᠯ            ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠪᠠ ﹇2024﹈ 3 ᠳ᠋ᠤᠭᠠᠷ ᠲᠣᠭᠠᠲᠤ  ᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠲᠤ ᠰᠠᠭᠤᠭ᠎ᠠ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄      ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠦᠷᠢᠮ ᠤᠨ ᠨᠢᠭᠡᠳᠦᠯ ᠪᠠ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠬᠠᠮᠠᠭᠠᠯᠠᠨ᠂ ᠠᠷᠠᠳ ᠤᠯᠠᠨ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠦᠯᠦᠭᠡ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠶᠢᠨ    ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠪᠠ ﹇2018﹈ 115 ᠳ᠋ᠤᠭᠠᠷ ᠲᠣᠭᠠᠲᠤ︶ ᠪᠤᠯᠤᠨ ︽ᠪᠥᠬᠦ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ︾ ︵ᠥᠪᠥᠷ ᠮᠤᠩᠭᠤᠯ ᠤᠨ ᠬᠠᠦᠯᠢ    ᠴᠠᠭᠠᠵᠠ ᠶᠢᠨ ᠲᠢᠩᠬᠢᠮ ᠤᠨ ᠮᠡᠳᠡᠭᠳᠡᠯ  ﹇2020﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠤᠭᠡᠷ ᠲᠣᠭᠠᠲᠤ︶ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ᠬᠥᠨᠳᠡᠯᠡᠨ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠭᠤᠤᠯ ᠴᠣᠭᠴᠠ ᠶᠢ ᠳᠤᠤᠷᠠᠬᠢ ᠮᠡᠲᠦ ᠵᠠᠷᠯᠠᠪᠠ᠄      ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    ᠬᠦᠨᠳᠡᠯᠡᠨ ᠭᠤᠤᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ    ᠪᠤᠷᠬᠠᠨᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ    ᠬᠥᠨᠳᠡᠯᠡᠨ ᠲᠣᠭᠤᠷᠢᠭ ᠤᠨ ᠺᠦᠨ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ    ᠬᠥᠨᠳᠡᠯᠡᠨ ᠲᠣᠭᠤᠷᠢᠭ ᠤᠨ ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ      ᠬᠥᠨᠳᠡᠯᠡᠨ ᠲᠣᠭᠤᠷᠢᠭ ᠤᠨ ᠲᠠᠪᠰᠢᠯᠲᠠ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ      ᠬᠥᠨᠳᠡᠯᠡᠨ ᠲᠣᠭᠤᠷᠢᠭ ᠤᠨ ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ       ᠬᠥᠨᠳᠡᠯᠡᠨ ᠲᠣᠭᠤᠷᠢᠭ ᠤᠨ ᠠᠨ ᠱᠠᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠨᠦᠬᠦᠷᠯᠡᠯ ᠵᠡᠭᠡᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ       ᠬᠥᠨᠳᠡᠯᠡᠨ ᠲᠣᠭᠤᠷᠢᠭ ᠤᠨ ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠠᠷᠠᠳ ᠵᠡᠭᠡᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠵᠤᠤ ᠶᠢᠨ ᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠪᠦᠯᠬᠦᠮᠳᠡᠯ ᠵᠡᠭᠡᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠬᠠᠳᠤᠨ ᠭᠤᠣᠯ ᠪᠠᠷᠠᠭᠤᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠬᠥᠨᠳᠡᠯᠡᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ     ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ     ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ     ᠬᠥᠨᠳᠡᠯᠡᠨ ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ     ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ     ᠬᠥᠨᠳᠡᠯᠡᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ     ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ     ᠬᠥᠨᠳᠡᠯᠡᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ     ᠬᠥᠨᠳᠡᠯᠡᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ     ᠬᠥᠨᠳᠡᠯᠡᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ     ᠬᠥᠨᠳᠡᠯᠡᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ      ᠬᠥᠨᠳᠡᠯᠡᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ      ᠬᠥᠨᠳᠡᠯᠡᠨ ᠲᠣᠭᠤᠷᠢᠭ ᠤᠨ ᠰᠣᠶᠣᠯ ᠪᠠᠶ᠎ᠠ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ        ᠬᠥᠨᠳᠡᠯᠡᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠬᠥᠨᠳᠡᠯᠡᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ        ᠬᠥᠨᠳᠡᠯᠡᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ      ᠬᠥᠨᠳᠡᠯᠡᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ      ᠬᠥᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠬᠥᠨᠳᠡᠯᠡᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ      ᠬᠥᠨᠳᠡᠯᠡᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ      ᠬᠥᠨᠳᠡᠯᠡᠨ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ      ᠬᠥᠨᠳᠡᠯᠡᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ      ᠬᠥᠨᠳᠡᠯᠡᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ      ᠬᠥᠨᠳᠡᠯᠡᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ      ᠬᠥᠨᠳᠡᠯᠡᠨ ᠲᠣᠭᠤᠷᠢᠭ ᠤᠨ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ      ᠤᠶᠤᠨᠲᠤ ᠬᠥᠨᠳᠡᠯᠡᠨ ᠳ᠋ᠠᠶᠢᠲ᠋ᠠ ᠶᠢᠨ ᠲᠥᠪ      ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ      ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ      ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠭᠠᠶᠢᠯᠢ ᠶᠢᠨ ᠲᠣᠪᠴᠢᠶ᠎ᠠ      ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠥᠨᠳᠡᠯᠡᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ      ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠾᠧ ᠰᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ        ᠨᠡᠶᠢᠲᠡᠯᠡᠭᠰᠡᠨ ᠡᠳᠦᠷ ᠠᠴᠠ ᠡᠬᠢᠯᠡᠨ᠂ ᠨᠡᠶᠢᠲᠡᠯᠡᠭᠰᠡᠨ ᠬᠡᠪᠴᠢᠶᠡᠨ ᠳᠤ ᠣᠷᠣᠭᠤᠯᠤᠭᠰᠠᠨ ᠪᠢᠴᠢᠭ ᠮᠠᠲ᠋ᠧᠷᠢᠶᠠᠯ ᠲᠣᠭᠲᠠᠭᠠᠬᠤ ᠡᠯ᠎ᠡ ᠭᠤᠤᠯ ᠴᠣᠭᠴᠠ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠲᠣᠭᠲᠠᠭᠠᠵᠤ ᠪᠣᠯᠤᠨ᠎ᠠ᠃ ᠪᠤᠰᠤᠳ ᠡᠯ᠎ᠡ ᠲᠥᠷᠥᠯ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠠᠯᠪᠠᠨ ᠭᠡᠷ᠂ ᠲᠦᠷ ᠴᠠᠭ ᠤᠨ ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠵᠢᠴᠢ ᠪᠤᠰᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠲᠤᠰᠢᠶᠠᠯ ᠪᠠᠶᠢᠬᠤ ᠦᠭᠡᠶ ᠪᠠᠶᠢᠭᠤᠯᠤᠮᠵᠢ ᠴᠥᠮ ᠲᠤᠰ ᠪᠠᠶᠢᠭᠤᠯᠤᠮᠵᠢ ᠶᠢᠨ ᠢᠶᠠᠨ ᠨᠡᠷ᠎ᠡ ᠪᠠᠷ ᠵᠢᠷᠤᠮᠵᠢᠯ ᠤᠨ ᠴᠢᠨᠠᠷᠲᠠᠶ ᠪᠢᠴᠢᠭ      ᠮᠠᠲ᠋ᠧᠷᠢᠶᠠᠯ ᠢ ᠲᠣᠭᠲᠠᠭᠠᠵᠤ ᠪᠣᠯᠬᠤ ᠦᠭᠡᠶ᠂ ᠡᠷᠭᠡᠪᠰᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠴᠢᠬᠤᠯᠠᠳᠠᠢ ᠪᠣᠯ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠲᠣᠭᠲᠠᠭᠠᠯᠭᠠᠬᠤ ᠬᠡᠷᠡᠭᠲᠡᠶ᠃      ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠨᠡᠮᠡᠵᠦ ᠬᠠᠰᠤᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠶᠢ ᠴᠠᠭ ᠲᠤᠬᠠᠶ ᠳᠤᠨᠢ ᠬᠢᠨᠠᠨ ᠬᠠᠷᠭᠤᠭᠤᠯᠬᠤ ᠶᠢᠨ ᠬᠠᠮᠲᠤ ᠨᠡᠶᠢᠭᠡᠮ ᠨᠡᠶᠢᠳᠡ ᠳᠤ ᠨᠡᠶᠢᠲᠡᠯᠡᠨ᠎ᠡ᠃                            ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2024 ᠣᠨ ᠤ 2 ᠰᠠᠷ᠎ᠠ ᠶᠢᠨ 20 ᠤ ᠡᠳᠦᠷ  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号