ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠡ  ᠶᠢᠨ ᠪᠠᠶᠢᠩᠭᠤ ᠶᠢᠨ ᠬᠤᠷᠢᠶ᠎ᠡ ᠶᠢᠨ ᠠᠷᠪᠠᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 19 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠬᠤᠷᠠᠯᠳᠤᠪᠠ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠦ᠋ ᠸᠧᠨ ᠴᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠭᠤᠤ ᠮᠢᠩ᠂ ᠯᠢᠦ ᠹᠧᠩ᠂ ᠵᠢᠶᠤᠤ ᠶᠠᠨ ᠯᠦᠩ᠂ ᠵᠤᠤ ᠪᠥᠸᠧ᠂ ᠨᠠᠷᠢᠨ ᠪᠢᠴᠢᠭ ᠤᠨ ᠳᠠᠷᠤᠭ᠎ᠠ ᠪᠢ ᠵᠢᠩ ᠱᠦᠨ ᠬᠤᠷᠠᠯ ᠳᠤ ᠣᠷᠣᠯᠴᠠᠪᠠ᠃
     ᠬᠤᠷᠠᠯ ᠠᠴᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠭᠤᠤᠯᠳᠠᠯᠭ᠎ᠠ ︵ᠬᠦᠷᠭᠡᠨ ᠬᠢᠨᠠᠭᠤᠯᠬᠤ ᠨᠤᠤᠷᠠᠭ︶᠂ ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 2024 ᠣᠨ ᠤ ᠵᠥᠪᠯᠡᠬᠦ ᠲᠥᠯᠥᠪᠯᠡᠭᠡ ︵ᠬᠦᠷᠭᠡᠨ ᠬᠢᠨᠠᠭᠤᠯᠬᠤ ᠨᠤᠤᠷᠠᠭ︶᠂ ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 2024 ᠣᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠥᠯᠥᠪᠯᠡᠭᠡ ︵ᠬᠦᠷᠭᠡᠨ ᠬᠢᠨᠠᠭᠤᠯᠬᠤ ᠨᠤᠤᠷᠠᠭ︶ ᠪᠣᠯᠤᠨ ᠬᠠᠮᠢᠶ᠎ᠠ ᠪᠥᠬᠦᠶ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠦᠷᠦᠭᠦᠯᠡᠨ ᠰᠤᠷᠤᠯᠴᠠᠯᠭ᠎ᠠ   ᠶᠢ ᠥᠷᠨᠢᠭᠦᠯᠵᠦ᠂  ᠬᠤᠶᠠᠷ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠵᠦ᠂ ᠠᠵᠢᠯ ᠤᠨ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠤᠨ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠤᠨ ᠲᠤᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠠᠷᠢᠨ ᠨᠢᠮᠪᠠᠢ ᠰᠡᠳᠦᠪ ᠰᠣᠩᠭᠤᠨ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ᠂ ᠢᠳᠡᠪᠬᠢᠲᠡᠢ ᠨᠡᠪᠲᠡᠷᠡᠯᠴᠡᠨ᠂ ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠲᠦᠮᠵᠢᠲᠡᠢ ᠠᠷᠭ᠎ᠠ ᠵᠠᠮ ᠢᠶᠠᠷ ᠳᠠᠮᠵᠢᠭᠤᠯᠤᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠦᠨᠡᠨ ᠬᠦ ᠲᠤᠰᠠᠯᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠬᠢᠵᠢᠭᠦᠯᠵᠦ᠂ ᠡᠲᠡᠭᠡᠳ ᠤᠨ ᠢᠯᠭᠠᠯ ᠤᠨ ᠣᠯᠠᠨ ᠲᠦᠮᠡᠨ ᠤ ᠳᠤᠮᠳᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠤᠭᠤᠲᠤ ᠳᠤ ᠵᠢᠭᠠᠪᠤᠷᠢᠯᠠᠬᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠨᠠᠮ ᠤᠨ ᠵᠣᠷᠢᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ ᠲᠠᠨᠢᠯᠲᠠ ᠪᠠ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠪᠠᠶᠢᠩᠭᠤ ᠶᠢᠨ    ᠬᠤᠷᠢᠶ᠎ᠡ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠶᠢ ᠢᠮᠠᠭᠲᠠ ᠲᠡᠷᠢᠭᠦᠨ ᠳᠤ ᠲᠠᠯᠪᠢᠵᠤ᠂ ᠪᠠᠶᠢᠩᠭᠤ ᠶᠢᠨ  ᠬᠤᠷᠢᠶ᠎ᠠ ᠶᠢᠨ ᠲᠦᠪᠯᠡᠷᠡᠬᠦᠯᠦᠨ ᠰᠤᠷᠤᠯᠴᠠᠬᠤ᠂ ᠲᠤᠰᠬᠠᠢ ᠰᠡᠳᠦᠪᠲᠦ ᠪᠣᠯᠪᠠᠰᠤᠷᠠᠯ᠂ ᠥᠪᠡᠷ ᠢᠶᠠᠨ ᠰᠤᠷᠤᠯᠴᠠᠬᠤ ᠲᠦᠷᠢᠮ ᠢ ᠲᠡᠭᠦᠯᠳᠡᠷᠵᠢᠭᠦᠯᠵᠦ᠂ ᠪᠠᠶᠢᠩᠭᠤ ᠰᠤᠷᠤᠯᠴᠠᠨ ᠪᠠᠶᠢᠩᠭᠤ ᠰᠢᠨᠡᠴᠢᠯᠡᠬᠦ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ︵ᠰᠤᠷᠪᠤᠯᠵᠢᠯᠠᠭᠴᠢ᠄ ᠵᠤᠤ ᠶᠢᠨ ᠹᠧᠩ   ᠬᠢᠨᠠᠨ ᠬᠠᠷᠭᠤᠭᠤᠯᠤᠬᠰᠠᠨ ᠨᠢ᠄  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号