ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠨ ᠡᠮᠬᠢᠯᠡᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/3/22
ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠨ ᠡᠮᠬᠢᠯᠡᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ        ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠪᠠ ﹇2024﹈ 4 ᠳ᠋ᠤᠭᠡᠷ ᠲᠣᠭᠠᠲᠤ ᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠲᠤ ᠰᠠᠭᠤᠭ᠎ᠠ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ  ᠄        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠᠯᠠᠭᠤᠯᠬᠤ ᠬᠢᠨᠠᠯᠲᠠ ᠲᠠᠯᠪᠢᠬᠤ ᠠᠷᠭ᠎ᠠ︾ ᠪᠣᠯᠤᠨ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠨ ᠡᠮᠬᠢᠯᠡᠬᠦ ᠠᠵᠢᠯ ᠢ ᠥᠷᠨᠢᠭᠦᠯᠬᠦ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠪᠤᠭᠤᠲᠤ ᠬᠤᠳᠠ ᠶᠢᠨ ᠵᠠᠰᠠᠭ ᠤᠨ    ᠤᠷᠳᠤᠨ ᠤ ᠠᠯᠪᠠᠨ ᠬᠡᠷ ᠲᠠᠷᠬᠠᠭᠠᠪᠠ ﹇2023﹈ 147 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠠᠴᠠ 2021 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠡᠯ ᠢ ᠴᠡᠪᠡᠷᠯᠡᠨ ᠡᠮᠬᠢᠯᠡᠭᠰᠡᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠪᠠᠶᠢᠬᠤ ᠪᠢᠴᠢᠭ ᠮᠠᠲ᠋ᠧᠷᠢᠶᠠᠯ ᠢ ᠪᠦᠷᠢᠳᠬᠡᠨ ᠡᠮᠬᠢᠯᠡᠵᠦ᠂ ᠴᠡᠪᠡᠷᠯᠡᠨ ᠡᠮᠬᠢᠯᠡᠭᠰᠡᠨ ᠦᠷ᠎ᠡ ᠳ᠋ᠦᠩ ᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠪᠠ᠃ ᠤᠳᠤ ᠨᠡᠶᠢᠲᠡᠯᠡᠶ᠎ᠡ᠃      ᠨᠡᠶᠢᠲᠡᠯᠡᠭᠰᠡᠨ ᠡᠳᠦᠷ ᠠᠴᠠ ᠡᠬᠢᠯᠡᠨ᠂ ᠦᠷᠭᠦᠯᠵᠢᠯᠡᠨ ᠬᠦᠴᠦᠨ ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ 5 ᠵᠢᠯ ᠤᠷᠲᠤᠳᠬᠠᠵᠤ ᠪᠣᠯᠤᠨ᠎ᠠ︔ ᠬᠦᠴᠦᠨ ᠦᠭᠡᠢ ᠪᠤᠯᠭᠠᠬᠰᠠᠨ ᠪᠠ ᠬᠦᠴᠦᠨ ᠦᠭᠡᠶ ᠪᠣᠯᠤᠭᠰᠠᠨ ᠢ ᠨᠢ ᠨᠡᠶᠢᠲᠡᠯᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠥᠮ ᠬᠡᠷᠡᠭᠵᠢᠭᠦᠯᠬᠦ ᠶᠢ ᠨᠢ ᠵᠣᠭᠰᠣᠭᠠᠵᠤ᠂ ᠲᠠᠬᠢᠵᠤ ᠵᠠᠰᠠᠭ ᠵᠠᠬᠢᠷᠭᠠᠨ ᠤ ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠦᠨᠳᠦᠰᠦᠯᠡᠯ ᠪᠣᠯᠭᠠᠬᠤ ᠦᠭᠡᠶ᠃      ᠳᠠᠭᠠᠯᠳᠤᠭᠤᠯᠤᠯ᠄ 1. ᠦᠷᠭᠦᠯᠵᠢᠯᠡᠨ ᠬᠦᠴᠦᠨ ᠲᠠᠢ ᠪᠠᠶᠢᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ︵5 ᠬᠤᠪᠢ︶                    2 . ᠬᠦᠴᠦᠨ ᠥᠬᠡᠶ ᠪᠣᠯᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ  ︵2 ᠬᠤᠪᠢ︶                    3 . ᠬᠦᠴᠦᠨ ᠥᠬᠡᠶ ᠪᠣᠯᠤᠭᠰᠠᠨ ᠢ ᠨᠢ ᠨᠡᠶᠢᠲᠡᠯᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ  ︵ 4 ᠬᠤᠪᠢ  ︶                          ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2024 ᠣᠨ ᠤ 2 ᠰᠠᠷ᠎ᠠ ᠶᠢᠨ 20 ᠤ ᠡᠳᠦᠷ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号