ᠨᠢᠭᠡ ᠳᠤ᠂ ᠵᠣᠬᠢᠶᠠᠨ ᠪᠠᠶᠢᠭᠤᠯᠬᠤ ᠪᠠᠨ ᠴᠢᠩᠭᠠᠳᠬᠠᠵᠤ᠂ ᠪᠦᠭᠦᠳᠡᠭᠡᠷ ᠣᠷᠣᠯᠴᠠᠪᠠ᠃ ᠰᠠᠯᠠᠭᠠᠨ ᠲᠠᠰ ᠤᠨ | ᠤᠳᠤᠷᠢᠳᠬᠤ ᠺᠠᠳ᠋ᠷ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠲᠡ 4 ᠨᠡᠶᠢᠭᠡᠮ ᠲᠣᠭᠤᠷᠢᠭ ᠤᠨ 25 ᠠᠵᠢᠯᠲᠠᠨ ᠡᠨᠡᠬᠦ | ᠠᠵᠢᠯ ᠳᠤ ᠣᠷᠣᠯᠴᠠᠪᠠ᠃ ᠬᠤᠶᠠᠷ ᠲᠤ᠂ ᠤᠯᠠᠨ ᠬᠡᠯᠪᠡᠷᠢ ᠪᠠᠷ ᠶᠡᠬᠡᠪᠡᠷ ᠤᠬᠠᠭᠤᠯᠪᠠ᠃ ᠠᠬᠤᠢ ᠲᠠᠯᠠᠪᠠᠢ ᠳᠤ | ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠬᠤ᠂ ᠨᠡᠶᠢᠭᠡᠮ ᠲᠣᠭᠤᠷᠢᠭ ᠤᠨ | ᠤᠬᠠᠭᠤᠯᠭ᠎ᠠ ᠶᠢᠨ ᠸᠢᠴᠠᠲ ᠬᠤᠯᠪᠤᠭ᠎ᠠ ᠳᠤ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ᠂ ᠡᠯᠧᠺᠲᠷᠣᠨ ᠵᠠᠷᠯᠠᠯ ᠢ ᠲᠡᠮᠵᠢᠭᠤᠯᠤᠨ ᠲᠠᠷᠬᠠᠭᠠᠬᠤ | ᠵᠡᠷᠭᠡ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠪᠠ | ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠭᠤᠷᠪᠠ ᠳᠤ᠂ ᠪᠠᠶᠢᠴᠠᠭᠠᠯᠲᠠ ᠶᠢ ᠬᠡᠷᠡᠴᠢᠯᠡᠵᠤ᠂ ᠶᠠᠰᠤ ᠴᠢᠨᠠᠷ ᠢ | ᠴᠢᠩᠭ᠎ᠠ ᠠᠳᠬᠤᠪᠠ᠃ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠵᠦᠢ ᠵᠣᠬᠢᠰᠲᠠᠶ ᠴᠢᠨᠠᠷ ᠢ ᠪᠠᠲᠤᠯᠠᠬᠤ ᠶᠢᠨ | ᠲᠦᠯᠦᠭᠡ᠂ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ︽ᠪᠦᠬᠦ ᠲᠠᠯ᠎ᠠ ᠪᠠᠷ ᠲᠤᠶᠢᠯᠪᠤᠷᠢᠳᠠᠢ︾ | ᠴᠡᠭᠴᠯᠡᠨ ᠪᠠᠶᠢᠴᠠᠭᠠᠯᠲᠠ ᠬᠢᠵᠦ᠂ ︽ᠳᠠᠪᠬᠤᠷᠳᠠᠭᠤᠯᠬᠤ ᠦᠭᠡᠶ ᠭᠤᠭᠤᠵᠢᠭᠳᠠᠭᠤᠯᠬᠤ ᠦᠭᠡᠶ︾᠂ ᠲᠤᠭ᠎ᠠ | ᠪᠠᠷᠢᠮᠲᠠ ᠶᠢᠨ ᠪᠦᠷᠢᠨ ᠪᠦᠲᠦᠨ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠪᠠ᠃ ᠣᠳᠣᠬᠠᠨ ᠪᠣᠯᠲᠠᠯ᠎ᠠ᠂ ᠨᠢᠭᠡᠨᠲᠡ | 484 ᠠᠵᠤ ᠠᠬᠤᠶᠢᠯᠠᠯ ᠬᠤᠳᠠᠯᠳᠤᠭᠠᠨ ᠤ ᠡᠷᠦᠬᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 85% ᠳᠤ ᠬᠦᠷᠴᠡᠶ᠃ ︵ᠨᠦᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ |