ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/3/23
     3 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 4 ᠳ᠋ᠤᠭᠡᠷ ᠤᠳᠠᠭ᠎ᠠ ᠶᠢᠨ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠠ᠃
     ᠪᠥᠬᠦ ᠲᠣᠭᠤᠷᠢᠭ ᠤᠨ ᠬᠤᠯᠪᠣᠭᠳᠠᠯ ᠪᠥᠬᠦᠶ ᠰᠢᠶᠠᠨ ᠤ ᠱᠠᠲᠤᠨ ᠤ ᠤᠳᠤᠷᠢᠳᠤᠯᠭ᠎ᠠ᠂ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠨ᠂ ᠡᠯ᠎ᠡ ᠵᠡᠭᠡᠯᠢ ᠭᠤᠳᠤᠮᠵᠢ ᠪᠠᠯᠭᠠᠰᠤ ᠶᠢᠨ ᠨᠠᠮ ᠤᠨ ︵ᠠᠵᠢᠯ ᠤᠨ︶ ᠬᠤᠷᠢᠶ᠎ᠠ ᠶᠢᠨ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠲᠣᠭᠤᠷᠢᠭ ᠤᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃      ᠰᠤᠷᠤᠯᠴᠠᠯᠭ᠎ᠠ ᠶᠢᠨ ᠬᠤᠷᠠᠯ ᠠᠴᠠ ᠪᠤᠭᠤᠲᠤ ᠬᠤᠲᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠵᠢᠭᠠᠨ ᠰᠤᠳᠤᠯᠬᠤ ᠬᠡᠯᠲᠡᠰ ᠤᠨ ᠦᠵᠡᠯ ᠰᠠᠨᠠᠭ᠎ᠠ ᠶᠣᠰᠣ ᠰᠤᠷᠲᠠᠬᠤᠨ ᠬᠢᠭᠡᠳ ᠬᠠᠤᠯᠢᠵᠢᠯ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠬᠠᠤᠯᠢ ᠶᠢᠨ ᠤᠬᠠᠭᠠᠨ ᠤ ᠲᠤᠰᠬᠠᠶ ᠮᠡᠷᠭᠡᠵᠢᠯ ᠤᠨ ᠳᠡᠳ᠋ ᠫᠷᠤᠹᠧᠰᠰᠤᠷ ᠸᠠᠩ ᠯᠢᠨ ᠢ ᠤᠷᠢᠵᠤ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠬᠦᠯᠦᠨ ᠣᠶᠢᠯᠠᠭᠠᠵᠤ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠠᠬᠤᠶ ᠪᠠᠶᠢᠳᠠᠯ ᠢ ᠨᠡᠭᠡᠭᠡᠰᠦᠭᠡᠢ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠬᠤᠷᠠᠯ ᠳᠡᠭᠡᠷ᠎ᠡ᠂ ᠸᠠᠩ ᠯᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠭᠤᠤᠯ ᠪᠤᠯᠬᠤ ᠴᠢᠬᠤᠯᠠ ᠠᠭᠤᠯᠭ᠎ᠠ᠂ ᠰᠢᠨᠵᠢᠯᠡᠬᠦ ᠤᠬᠠᠭᠠᠨᠴᠢ ᠪᠠᠶᠢᠷᠢ ᠲᠣᠭᠲᠠᠭᠠᠯᠲᠠ ᠪᠠ ᠴᠢᠬᠤᠯᠠ ᠶᠡᠭᠡ ᠠᠴᠢ ᠬᠤᠯᠪᠣᠭᠳᠠᠯ ᠵᠡᠷᠭᠡ ᠠᠭᠤᠯᠭ᠎ᠠ ᠶᠢᠨ ᠲᠣᠭᠤᠷᠢᠨ ᠳᠤ᠂ ᠣᠯᠠᠨ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ᠂ ᠬᠠᠤᠯᠢ ᠶᠣᠰᠣᠭᠠᠷ ᠲᠥᠷᠥ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠵᠤ ᠬᠠᠮᠳᠤ ᠪᠠᠷ ᠠᠬᠢᠭᠤᠯᠬᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠵᠡᠷᠭᠡ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ︽ᠠᠷᠪᠠᠨ ᠨᠢᠭᠡᠨ ᠪᠠᠷᠢᠮᠲᠠᠯᠠᠯ︾ ᠤᠨ ᠭᠦᠨᠵᠡᠭᠡᠶ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠦᠵᠡᠬᠦᠯᠦᠭᠰᠡᠨ ᠪᠦᠭᠡᠳ ᠪᠠᠰᠠ ᠣᠯᠠᠨ ᠤ ᠬᠠᠤᠯᠢ ᠶᠢ ᠬᠡᠷᠡᠭᠯᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠪᠠ ᠬᠠᠤᠯᠢᠵᠢᠯ ᠤᠨ ᠰᠡᠳᠬᠢᠬᠦᠶ ᠶᠢ ᠬᠡᠷᠡᠭᠯᠡᠬᠦ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠯᠠᠪᠯᠠᠯᠲᠠ ᠬᠠᠩᠭᠠᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠬᠠᠤᠯᠢᠵᠢᠯ ᠤᠨ ᠣᠶᠢᠯᠠᠭᠠᠭᠳᠠᠬᠤᠨ ᠢ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠪᠦᠬᠦ ᠶᠠᠪᠤᠴᠠ ᠳᠤ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ    ᠪᠡᠶᠡᠯᠡᠭᠦᠯᠬᠦ ᠶᠢ ᠲᠠᠶᠢᠯᠪᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠰᠠ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠲᠤᠬᠠᠢ ᠬᠠᠮᠢᠶ᠎ᠠ ᠪᠥᠬᠦᠶ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠰᠣᠨᠢᠷᠬᠠᠪᠠ᠃  ︵ᠰᠤᠷᠪᠤᠯᠵᠢᠯᠠᠭᠴᠢ᠄ ᠯᠸᠢ ᠶᠤᠸᠠᠨ ᠶᠤᠸᠠᠨ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号