ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠷᠪᠠ ᠶᠢᠰᠦᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/23
     3 ᠰᠠᠷ᠎ᠠ ᠶᠢᠨ 21 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠷᠪᠠ ᠶᠢᠰᠦᠳᠦᠭᠡᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ       ᠬᠤᠷᠢᠶ᠎ᠡ ᠶᠢᠨ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠶ᠂ ᠯᠢᠦ ᠯᠢ ᠰᠢᠶᠠ᠂ ᠬᠠᠰᠪᠢᠯᠢᠭ᠌ ᠵᠢᠴᠢ ᠭᠡᠰᠢᠭᠦᠳ ᠨᠡᠶᠢᠲᠡ 30 ᠬᠥᠮᠦᠨ ᠬᠤᠷᠠᠯ ᠳᠤ ᠣᠷᠣᠯᠴᠠᠵᠠᠶ᠃ ᠵᠧᠤ ᠮᠢᠨ ᠵᠢᠶᠧ᠂ ᠬᠤ᠋ ᠰᠢᠶᠠ ᠲᠣᠰ ᠲᠣᠰ ᠠᠩᠬᠠᠳᠤᠭᠠᠷ ᠤᠳᠠᠭ᠎ᠠ ᠪᠠ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠪᠡ᠃
     ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠡᠾᠦ᠋ᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠵᠢᠶᠦ᠋ᠩ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠪᠦᠷᠢᠯᠳᠦᠬᠦᠨ᠂ ᠡᠯ᠎ᠡ ᠵᠡᠭᠡᠯᠢ ᠭᠤᠳᠤᠮᠵᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠡᠲᠡᠭᠡᠳ ᠤᠨ ᠠᠷᠠᠳ ᠤᠨ ᠲᠥᠯᠥᠭᠡᠯᠡᠭᠴᠢ ᠶᠢᠨ ᠠᠵᠢᠯᠯᠠᠭ᠎ᠠ ᠶᠢᠨ ᠳᠤᠭᠤᠶᠢᠯᠠᠩ ᠤᠨ ᠬᠠᠷᠢᠭᠤᠴᠠᠯᠭᠠᠲᠠᠨ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ︽ᠠᠷᠠᠳ ᠤᠨ ᠲᠥᠯᠥᠭᠡᠯᠡᠭᠴᠢ ᠶᠢᠨ ᠬᠡᠷ︾ ᠤᠨ ᠬᠠᠷᠢᠭᠤᠴᠠᠯᠭᠠᠲᠠᠨ ᠵᠢᠴᠢ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ᠂ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ 2024 ᠣᠨ ᠤ ᠠᠵᠢᠯ ᠤᠨ ᠭᠤᠤᠯᠳᠠᠯᠭ᠎ᠠ ︵ᠲᠥᠰᠦᠯ︶᠂ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠦᠨᠳᠦᠰᠦᠲᠡᠨ ᠤ ᠬᠠᠤᠯᠢ ᠲᠦᠷᠢᠮ ︵ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ︶ ᠤᠨ ᠠᠵᠢᠯ ᠤᠨ ᠵᠥᠪᠯᠡᠯ ᠤᠨ 2023 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ 2024 ᠣᠨ ᠤ ᠬᠡᠰᠡᠭ ᠰᠢᠭᠦᠬᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ ᠳᠤ ᠡᠭᠦᠷᠭᠡ ᠲᠤᠰᠢᠶᠠᠯ ᠢᠶᠠᠨ ᠬᠦᠢᠴᠡᠳᠭᠡᠭᠰᠡᠨ ᠢ ᠵᠦᠪᠯᠡᠨ ᠲᠤᠬᠳᠠᠭᠠᠬᠤ ᠶᠢ ᠦᠷᠨᠢᠬᠦᠯᠬᠦ ᠲᠤᠬᠠᠢ ᠠᠵᠢᠯ ᠤᠨ ᠲᠥᠰᠦᠯ ︵ᠨᠤᠤᠷᠠᠭ︶᠂ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠡᠭ ᠠᠵᠢᠯ ᠤᠨ ᠵᠥᠪᠯᠡᠯ ᠤᠨ ᠨᠡᠷ᠎ᠡ ᠶᠢ ᠬᠠᠯᠠᠬᠤ ᠲᠤᠬᠠᠶ ᠲᠣᠭᠲᠠᠭᠠᠯ ︵ᠲᠥᠰᠦᠯ︶ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠢᠯᠡᠰ ᠢ ᠪᠠᠲᠤᠯᠠᠵᠤ᠂ ᠵᠧᠤ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠢᠨ ᠬᠠᠮᠲᠤ ᠣᠪᠣᠷ ᠢᠶᠠᠨ ᠢᠯᠡᠳᠬᠡᠬᠦ ᠦᠭᠡ ᠬᠡᠯᠡᠪᠡ᠃  ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ    ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号