ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃        ᠶᠢᠨ ᠶᠦᠩ ᠯᠢ ᠨᠡᠷ ᠤᠷᠢᠳ ᠬᠤᠵᠢᠳ ᠯᠢᠩ ᠲᠦᠸᠧ ᠹᠤᠲ᠋ᠤᠨ ᠪᠠᠯ ᠴᠢᠯᠠᠭᠤ ᠶᠢᠨ ᠢᠯᠴᠢ ᠳᠠᠮᠵᠢᠭᠤᠯᠬᠤ ᠰᠢᠨ᠎ᠡ ᠮᠠᠲ᠋ᠧᠷᠢᠶᠠᠯ᠂ ᠪᠤᠭᠤᠲᠤ ᠶᠢᠨ ᠺᠦᠨ ᡁᠢ ᠳ᠋ᠤᠤ ᠰᠢᠨ᠎ᠡ ᠡᠨᠧᠷᠭᠢ ᠶᠢᠨ ᠲᠣᠨᠣᠭᠯᠠᠯ ᠢ ᠡᠬᠢ ᠪᠠᠶᠠᠯᠢᠭᠵᠢᠭᠤᠯᠤᠨ ᠠᠰᠢᠭᠯᠠᠵᠤ ᠦᠢᠯᠡᠳᠬᠦ ᠰᠠᠭᠤᠷᠢᠨ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ᠂ ᠴᠢᠬᠤᠯᠠ ᠡᠯᠧᠮᠧᠨ᠋ᠲ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠲᠤᠬᠠᠢ ᠶᠢᠨ ᠲᠠᠯᠠᠪᠠᠢ ᠳᠤ ᠰᠤᠳᠤᠯᠤᠨ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠪᠦᠬᠦ    ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠬᠦᠴᠦᠲᠡᠢ ᠲᠤᠯᠭᠠᠭᠤᠷᠢᠯᠠᠯ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠰᠠᠨᠠᠭᠠᠴᠢᠯᠠᠭ᠎ᠠ ᠠᠴᠠ ᠪᠠᠨ ᠦᠶᠯᠡᠴᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠡᠯ᠎ᠡ ᠲᠠᠯ᠎ᠠ ᠶᠢᠨ ᠬᠢᠨ ᠤ ᠵᠤᠬᠢᠴᠠᠭᠤᠯᠤᠨ ᠨᠡᠪᠲᠡᠷᠡᠯᠴᠡᠬᠦ ᠶᠢ ᠴᠢᠩᠭᠠᠳᠬᠠᠨ᠂ ᠲᠥᠷᠥᠯ ᠵᠦᠶᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠠᠷᠭ᠎ᠠ ᠪᠦᠬᠦᠨ ᠢ ᠰᠦᠪᠡᠭᠴᠢᠯᠡᠨ ᠰᠢᠶᠳᠪᠦᠷᠢᠯᠡᠵᠦ᠂ ᠲᠥᠷᠥᠯ ᠵᠦᠶᠯ ᠤᠨ ᠭᠠᠷᠳᠠᠮ ᠢ ᠭᠦᠶᠴᠡᠳᠬᠡᠬᠦ᠂ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠨᠠᠷᠢᠯᠢᠭ ᠣᠨᠣᠪᠴᠢᠲᠠᠶ ᠦᠶᠯᠡᠴᠢᠯᠡᠭᠡ ᠪᠠ ᠪᠥᠬᠦ ᠲᠠᠯ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠪᠠᠷᠢᠯᠭ᠎ᠠ ᠶᠢᠨ ᠨᠢᠭᠡᠴᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠠᠵᠢᠯ ᠤᠨ ᠨᠠᠷᠢᠨ ᠲᠠᠩᠰᠠ ᠶᠢ ᠭᠠᠷᠭᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠪᠠᠷᠢᠯᠭ᠎ᠠ ᠶᠢᠨ ᠠᠬᠢᠴᠠ ᠶᠢ ᠱᠠᠯᠠᠪᠳᠠᠨ    ᠠᠳᠬᠤᠵᠤ᠂ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠯᠭ᠎ᠠ ᠶᠢᠨ ᠠᠬᠢᠴᠠ ᠶᠢ ᠦᠨᠡᠨᠬᠦ ᠪᠠᠲᠤᠯᠠᠬᠤ ᠶᠢᠨ ᠬᠠᠮᠲᠤ᠂ ᠴᠡᠪᠡᠷ ᠲᠡᠭᠰᠢ᠂ ᠠᠮᠤᠷ ᠲᠦᠪᠰᠢᠨ ᠪᠣᠯᠪᠠᠰᠤᠨ ᠪᠠᠷᠢᠯᠭ᠎ᠠ ᠶᠢᠨ ᠭᠠᠵᠠᠷ ᠢ ᠴᠢᠷᠮᠠᠶᠢᠨ ᠡᠭᠦᠳᠬᠦ ᠬᠡᠷᠡᠭᠲᠡᠶ᠃ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠬᠠᠮᠢᠶᠠᠷᠤᠯᠲᠠ ᠪᠣᠯᠤᠨ ᠪᠠᠷᠢᠯᠭ᠎ᠠ ᠶᠢᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠰᠢᠢᠳᠪᠦᠷᠢᠯᠡᠨ ᠠᠷᠢᠯᠭᠠᠵᠤ᠂ ᠪᠠᠷᠢᠮᠵᠢᠶᠠᠵᠢᠭᠤᠯᠤᠨ ᠪᠠᠷᠢᠯᠭ᠎ᠠ ᠶᠢᠨ ᠠᠵᠢᠯ ᠢ ᠠᠬᠢᠭᠤᠯᠬᠤ᠂ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠠᠮᠤᠷ ᠲᠦᠪᠰᠢᠨ ᠡᠮᠬᠢ ᠵᠢᠷᠤᠮ ᠲᠠᠢ ᠠᠭᠢᠬᠤ ᠶᠢ ᠪᠠᠲᠤᠯᠠᠬᠤ ᠬᠡᠷᠡᠭᠲᠡᠶ ᠭᠡᠵᠡᠢ᠃       ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠵᠧᠦ ᠬᠠᠢ ᠹᠸᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号