ᠨᠥᠬᠦᠷᠯᠡᠯ ᠵᠡᠭᠡᠯᠢ ᠭᠤᠳᠤᠮᠵᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ ᠪᠤᠢ
ᠨᠡᠶᠢᠲᠡᠯᠡᠭᠰᠡᠨ ᠴᠠᠭ᠄
2024/3/4
    ᠨᠥᠬᠦᠷᠯᠡᠯ ᠵᠡᠭᠡᠯᠢ ᠭᠤᠳᠤᠮᠵᠢ ᠨᠢ ᠳᠦᠷᠢᠮ ᠲᠣᠭᠲᠠᠴᠠ ᠪᠠᠷ ᠭᠤᠤᠯ ᠪᠣᠯᠭᠠᠵᠤ᠂ ᠤᠬᠠᠭᠤᠯᠭ᠎ᠠ ᠪᠠᠷ ᠰᠠᠭᠤᠷᠢ ᠪᠣᠯᠭᠠᠨ᠂ ᠨᠡᠶᠢᠭᠡᠮ ᠲᠣᠭᠤᠷᠢᠭ ᠢᠶᠠᠷ ᠭᠠᠷᠳᠠᠴᠠ ᠪᠣᠯᠭᠠᠵᠤ᠂ ᠬᠡᠷᠡᠭᠯᠡᠬᠦ ᠪᠠᠷ ᠵᠠᠩᠭᠢᠯᠠᠭ᠎ᠠ ᠪᠣᠯᠭᠠᠵᠤ᠂ ︽   ᠢᠲᠡᠭᠡᠮᠵᠢ +︾ ᠵᠠᠭᠪᠤᠷ ᠢ ᠦᠷᠭᠦᠯᠵᠢᠯᠡᠨ ᠰᠦᠪᠡᠭᠴᠢᠯᠡᠨ᠂ ᠢᠲᠡᠭᠡᠮᠵᠢ ᠶᠢᠨ ᠪᠠᠶᠢᠭᠤᠯᠤᠯᠲᠠ ᠪᠠ ᠲᠤᠤᠷᠵᠢᠭᠤᠯᠤᠭᠰᠠᠨ ᠬᠠᠮᠢᠶᠠᠷᠤᠯᠲᠠ᠂ ᠠᠶᠦᠯᠬᠦᠢ ᠦᠶᠯᠡᠳᠪᠦᠷᠢᠯᠡᠯ ᠵᠡᠷᠭᠡ ᠠᠵᠢᠯ ᠢ ᠣᠷᠭᠠᠨᠢᠭ ᠢᠶᠠᠷ    ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠦᠶᠯᠡᠴᠢᠯᠡᠭᠡ᠂ ᠰᠠᠭᠤᠭᠠᠯᠢ ᠠᠷᠠᠳ ᠤᠨ ᠦᠪᠡᠷ ᠲᠡᠭᠡᠨ ᠵᠠᠰᠠᠬᠤ᠂ ᠠᠳᠠᠯ ᠠᠬᠤᠢ ᠶᠢᠨ ᠬᠠᠮᠢᠶᠠᠷᠤᠯᠲᠠ᠂ ᠨᠢᠭᠡᠴᠢ ᠶᠢᠨ ᠬᠠᠮᠲᠤᠪᠠᠷ ᠪᠠᠶᠢᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠬᠠᠮᠵᠢᠯᠴᠠᠨ ᠣᠷᠣᠯᠴᠠᠭᠰᠠᠨ ︽ᠲᠠᠪᠤ ᠶᠢ ᠨᠢᠭᠡ ᠴᠣᠭᠴᠠᠵᠢᠭᠤᠯᠤᠭᠰᠠᠨ︾ ᠢᠲᠡᠭᠡᠮᠵᠢ ᠶᠢᠨ ᠵᠠᠰᠠᠯᠲᠠ ᠶᠢᠨ ᠵᠠᠭᠪᠤᠷ ᠢ ᠪᠠᠶᠢᠭᠤᠯᠪᠠ᠃ ︽ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ᠂ ᠣᠯᠠᠨ ᠲᠠᠯ᠎ᠠ ᠪᠠᠷ ᠬᠠᠮᠵᠢᠯᠴᠠᠬᠤ᠂ ᠨᠡᠶᠢᠭᠡᠮ ᠠᠴᠠ ᠬᠢᠨᠠᠯᠲᠠ ᠲᠠᠯᠪᠢᠬᠤ︾ ᠵᠠᠷᠴᠢᠮ ᠶᠣᠰᠣᠭᠠᠷ᠂ ︽ᠢᠲᠡᠭᠡᠮᠵᠢ ᠶᠢᠨ ᠤᠬᠠᠭᠤᠯᠭ᠎ᠠ ᠶᠢᠨ ᠵᠢᠵᠢᠭ ᠬᠤᠪᠢᠶᠠᠷᠢ ᠠᠩᠭᠢ︾ ᠶᠢ ᠪᠠᠶᠢᠭᠤᠯᠵᠤ᠂ ᠣᠳᠣᠬᠠᠨ ᠪᠣᠯᠲᠠᠯ᠎ᠠ᠂ ᠨᠡᠶᠢᠲᠡ 320 ᠭᠠᠷᠤᠶ ᠠᠵᠤ ᠠᠬᠤᠶᠢᠯᠠᠯ ᠬᠤᠳᠠᠯᠳᠤᠭᠠᠴᠢᠨ ᠢ ᠤᠶᠢᠯᠠᠭᠠᠨ ᠰᠤᠷᠪᠤᠯᠵᠢᠯᠠᠵᠤ᠂ ᠬᠤᠳᠠᠯᠳᠤᠭᠠᠴᠢᠨ ᠡᠷᠦᠬᠡ ᠲᠠᠢ 300 ᠭᠠᠷᠤᠶ ᠬᠤᠪᠢ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ᠲᠣᠭᠲᠠᠵᠤ᠂ ᠬᠡᠷᠡᠭ ᠤᠨ ᠵᠢᠱᠢᠶ᠎ᠡ ᠪᠠᠷ ᠬᠦᠮᠦᠵᠢᠬᠦᠯᠬᠦ᠂ ᠤᠬᠠᠭᠤᠯᠭ᠎ᠠ ᠶᠢᠨ ᠲᠠᠶᠢᠯᠤᠮᠵᠢ ᠬᠢᠬᠦ ᠵᠡᠷᠬᠡ ᠠᠵᠢᠯᠯᠠᠭ᠎ᠠ ᠶᠢ 12 ᠲᠠᠯᠠᠪᠠᠶ ᠥᠷᠨᠢᠭᠦᠯᠵᠦ᠂ 600 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃  ︵ᠨᠦᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号