﹇ᠲᠤᠭ᠎ᠠ ᠪᠠᠷᠢᠮᠲᠠ ᠶᠢᠨ ᠨᠡᠶᠢᠳᠡᠯᠡᠯ ﹈ 2023 ᠣᠨ ᠳᠤ ᠬᠥᠨᠳᠡᠯᠡᠨ ᠲᠣᠭᠤᠷᠢᠭ ᠤᠨ ᠠᠵᠤ ᠠᠬᠤᠶ ᠲᠣᠭᠲᠠᠭᠤᠨ ᠤ ᠳᠤᠮᠳᠠ ᠲᠦᠷᠭᠡᠨ ᠬᠦᠭᠵᠢᠬᠦ ᠬᠠᠨᠳᠤᠰᠢ ᠢᠯᠡᠷᠡᠪᠡ︕
ᠨᠡᠶᠢᠲᠡᠯᠡᠭᠰᠡᠨ ᠴᠠᠭ᠄
2024/3/8
    ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ ᠪᠦᠳᠦᠭᠡᠬᠦ ᠲᠠᠢ ᠨᠢᠬᠳᠠ ᠤᠶᠠᠯᠳᠤᠭᠤᠯᠤᠨ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠴᠢᠩᠭᠠᠳᠬᠠᠵᠤ᠂ ︽ᠨᠢᠭᠡ ᠭᠤᠤᠯᠯᠠᠬᠴᠢ ᠬᠤᠶᠠᠷ ᠬᠦᠷᠢᠶᠡᠯᠡᠩ᠂ ᠬᠤᠶᠠᠷ ᠬᠡᠯᠬᠢᠶ᠎ᠡ ᠲᠦᠷᠪᠡᠨ ᠪᠦᠯᠦᠭᠵᠢᠯ︾ ᠤᠨ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠨᠠᠶᠢᠳᠠᠪᠤᠷᠢᠵᠢᠭᠤᠯᠵᠤ᠂ ᠪᠦᠬᠦ ᠵᠢᠯ ᠤᠨ ᠠᠵᠤ ᠠᠬᠤᠢ ᠳᠤ ᠲᠣᠭᠲᠠᠭᠤᠨ ᠤ ᠳᠤᠮᠳᠠ ᠲᠦᠷᠭᠡᠨ ᠬᠥᠭᠵᠢᠬᠦ ᠰᠠᠶᠢᠨ ᠰᠠᠶᠢᠬᠠᠨ ᠪᠠᠶᠢᠳᠠᠯ ᠢᠯᠡᠷᠡᠵᠡᠢ᠃     2023 ᠣᠨ ᠳᠤ᠂ ᠬᠥᠨᠳᠡᠯᠡᠨ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 1371.23 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠶᠡᠷᠦᠩᠬᠡᠢ ᠬᠡᠮᠵᠢᠶ᠎ᠡ ᠶᠢᠨ 32.2% ᠢ ᠡᠵᠡᠯᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠪᠦᠬᠦ ᠬᠤᠳᠠ ᠶᠢᠨ ᠬᠢ ᠠᠴᠠ ᠵᠠᠭᠤᠨ ᠤ ᠬᠠᠷᠢᠴᠠᠯ ᠢᠶᠠᠷ 2.1 ᠬᠤᠪᠢ ᠥᠨᠳᠥᠷ ᠪᠤᠯᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠬᠤᠳᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ 2 ᠳ᠋ᠤᠭᠠᠷ ᠲᠤ ᠣᠷᠣᠪᠠ᠃ ᠨᠢᠭᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4.13 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ   5.2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 722.68 ᠳ᠋ᠦᠩᠰᠢᠭᠤᠷ ᠲᠥᠭᠦᠷᠢᠭ ᠲᠤ ᠬᠦᠷᠴᠦ᠂ 18.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 644.41 ᠳ᠋ᠦᠩᠰᠢᠭᠤᠷ ᠲᠥᠭᠦᠷᠢᠭ ᠲᠤ ᠬᠦᠷᠴᠦ᠂ 7.6% ᠪᠠᠷ ᠨᠡᠮᠡᠭᠳᠡᠵᠦ᠂ ᠨᠢᠭᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠦᠲᠦᠴᠡ 0.3᠄ 52.7᠄ 47.0 ᠪᠣᠯᠪᠠ᠃     ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 31.0% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 7.6 ᠬᠤᠪᠢ ᠥᠨᠳᠥᠷ ᠪᠠᠶᠢᠵᠤ᠂ ᠪᠥᠬᠦ ᠬᠤᠲᠠ ᠶᠢᠨ 3 ᠳ᠋ᠤᠭᠠᠷ ᠲᠤ ᠣᠷᠣᠵᠤ᠂ ᠨᠡᠷᠡᠰ ᠤᠨ ᠵᠢᠬᠰᠠᠭᠠᠯᠲᠠ ᠨᠢ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5 ᠨᠡᠷᠡᠰ ᠡᠮᠦᠨᠡᠰᠢᠯᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 25.4%   ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠪᠠᠷ 1.1 ᠬᠤᠪᠢ ᠥᠨᠳᠥᠷ ᠪᠠᠶᠢᠵᠤ᠂ ᠪᠦᠬᠦ ᠬᠤᠲᠠ ᠶᠢᠨ 5 ᠳ᠋ᠤᠭᠠᠷ ᠲᠤ ᠤᠷᠤᠵᠤ᠂ ᠨᠡᠷᠡᠰ ᠤᠨ ᠵᠢᠬᠰᠠᠭᠠᠯᠲᠠ ᠨᠢ ᠳᠡᠭᠡᠷ᠎ᠡ ᠰᠠᠷ᠎ᠠ ᠶᠢᠨ ᠬᠢ ᠠᠴᠠ 1 ᠨᠡᠷᠡᠰ ᠡᠮᠦᠨᠡᠰᠢᠯᠡᠪᠡ︔ ᠨᠡᠶᠢᠬᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠭᠤᠯᠤᠬᠰᠠᠨ ᠶᠡᠷᠦᠩᠬᠡᠢ ᠬᠡᠮᠵᠢᠶ᠎ᠡ 366.23 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.2 ᠬᠤᠪᠢ ᠥᠨᠳᠥᠷ ᠪᠠᠶᠢᠵᠤ᠂ ᠶᠡᠷᠦᠩᠬᠡᠢ ᠬᠡᠮᠵᠢᠶ᠎ᠡ ᠪᠠᠷ  ᠢᠶᠠᠨ ᠪᠦᠬᠦ ᠬᠤᠲᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 3 ᠳ᠋ᠤᠭᠠᠷ ᠲᠤ ᠣᠷᠣᠵᠤ᠂ ᠨᠡᠷᠡᠰ ᠤᠨ ᠵᠢᠬᠰᠠᠭᠠᠯᠲᠠ ᠨᠢ ᠳᠡᠭᠡᠷ᠎ᠡ ᠰᠠᠷ᠎ᠠ ᠶᠢᠨ ᠬᠢ ᠠᠴᠠ 1 ᠨᠡᠷᠡᠰ ᠡᠮᠦᠨᠡᠰᠢᠯᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠡᠭᠰᠢᠳᠭᠡᠭᠰᠡᠨ ᠡᠵᠡᠮᠳᠡᠵᠦ ᠪᠣᠯᠬᠤ ᠣᠷᠣᠯᠭ᠎ᠠ 62112 ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ    4.3% ᠪᠠᠷ ᠨᠡᠮᠡᠭᠳᠡᠵᠦ᠂ ᠬᠠᠷᠢᠴᠠᠯᠠᠰᠢᠭᠦᠶ ᠬᠡᠮᠵᠢᠶ᠎ᠡ ᠨᠢ ᠪᠥᠬᠦ ᠬᠤᠲᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 4 ᠳ᠋ᠤᠭᠡᠷ ᠲᠤ ᠣᠷᠣᠵᠤ  ᠂  ᠨᠡᠷᠡᠰ ᠤᠨ ᠵᠢᠬᠰᠠᠭᠠᠯᠲᠠ ᠨᠢ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6  ᠨᠡᠷᠡᠰ ᠡᠮᠦᠨᠡᠰᠢᠯᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号