ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ  ᠪᠥᠬᠦ ᠲᠤᠭᠤᠷᠢᠭ  ᠤᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2024/4/1
    3 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ ᠱᠦᠵᠢ  ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
    ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠡᠤ ᠱᠧᠨ ᠮᠦᠸᠧ᠂ ᠵᠧᠦ ᠬᠠᠢ ᠹᠸᠢ ᠬᠤᠷᠠᠯ ᠳᠤ ᠣᠷᠣᠯᠴᠠᠪᠠ᠃        ᠶᠢᠨ ᠶᠦᠩ ᠯᠢ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ︽ᠡᠬᠢ ᠢᠷᠡᠯᠳᠡ︾ ᠪᠣᠯᠤᠨ᠎ᠠ᠂ ᠪᠦᠬᠦ ᠲᠤᠭᠤᠷᠢᠭ ᠳᠠᠶᠠᠭᠠᠷ ᠢᠶᠠᠨ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠭᠯᠡᠯ ᠢᠶᠠᠨ ᠲᠣᠭᠲᠠᠭᠠᠨ᠂ ᠬᠠᠷᠠᠯᠲᠠ ᠪᠠᠨ ᠲᠣᠳᠣᠷᠬᠠᠶᠢᠯᠠᠵᠤ᠂ ᠨᠡᠩ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢᠶᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠠᠬᠢᠭᠤᠯᠵᠤ᠂ ᠨᠡᠩ ᠤᠯᠠᠨ ᠰᠢᠨ᠎ᠡ ᠨᠡᠮᠡᠭᠳᠡᠯ ᠤᠨ ᠬᠡᠮᠵᠢᠶ᠎ᠡ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠪᠣᠯᠬᠤ ᠬᠡᠷᠡᠭᠲᠡᠢ᠃ ᠮᠡᠳᠡᠭᠡ ᠵᠠᠩᠭᠢ ᠶᠢᠨ ᠨᠡᠪᠲᠡᠷᠡᠯᠴᠡᠭᠡ᠂ ᠵᠥᠪᠳᠡᠯᠴᠡᠭᠡ᠂ ᠲᠥᠷᠥᠯ ᠵᠦᠶᠯ ᠤᠨ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠶᠢ ᠬᠡᠷᠡᠭᠵᠢᠬᠦᠯᠤᠨ ᠡᠷᠭᠢᠯᠳᠦᠭᠦᠯᠬᠦ ᠵᠡᠷᠭᠡ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠴᠡᠭ ᠲᠤ ᠰᠠᠭᠤᠵᠤ ᠠᠷᠠᠯᠵᠢᠶᠠᠴᠢᠨ ᠤᠷᠢᠬᠤ ᠬᠦᠴᠦᠨ ᠢ ᠲᠡᠭᠦᠯᠳᠡᠷᠵᠢᠭᠦᠯᠵᠦ᠂ ᠳᠡᠭᠡᠳᠦ ᠳᠤᠤᠷᠠᠳᠤ ᠱᠠᠲᠤᠨ ᠪᠠᠷ ᠢᠶᠠᠨ ᠨᠡᠪᠲᠡᠷᠡᠯᠴᠡᠵᠤ ᠵᠣᠯᠭᠠᠭᠤᠯᠬᠤ ᠶᠢ ᠴᠢᠩᠭᠠᠳᠬᠠᠨ᠂ ᠲᠥᠷᠥᠯ ᠵᠦᠶᠯ ᠢ ᠠᠬᠢᠭᠤᠯᠬᠤ ᠶᠠᠪᠤᠴᠠ ᠳᠠᠬᠢ ᠠᠰᠠᠭᠤᠳᠠᠯ ᠪᠠ ᠬᠦᠴᠢᠷᠳᠡᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠬᠦ ᠬᠡᠷᠡᠭᠲᠡᠶ᠃ ᠭᠤᠤᠯ ᠰᠢᠪᠲᠤᠯᠤᠯᠲᠠ ᠶᠢᠨ ᠴᠢᠭᠯᠡᠯ ᠢᠶᠠᠨ ᠣᠨᠣᠪᠴᠢᠲᠠᠶ ᠡᠷᠢᠵᠦ ᠣᠯᠵᠤ᠂ ᠣᠨᠢᠨ ᠳᠡᠭᠡᠷ᠎ᠡ ᠨᠢ ᠬᠦᠴᠦᠯᠡᠵᠦ᠂ ᠲᠥᠷᠥ ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠲᠤᠭᠤᠷᠢᠭ ᠤᠨ ᠪᠣᠯᠣᠳ ᠲᠡᠮᠦᠷ᠂ ᠲᠠᠯᠠᠰᠲᠤ ᠴᠠᠬᠢᠭᠤᠷ᠂ ᠬᠠᠭᠠᠰ ᠳᠠᠮᠵᠢᠭᠤᠯᠤᠭᠴᠢ ᠵᠡᠷᠭᠡ ᠳᠠᠪᠠᠭᠤᠯᠢᠭ ᠠᠵᠤ ᠦᠶᠯᠡᠰ ᠲᠤ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠤᠶᠢᠵᠢᠭᠤᠯᠤᠨ᠂ ᠠᠵᠤ ᠦᠶᠯᠡᠰ ᠤᠨ ᠬᠤᠰᠢᠭᠤᠷᠠᠯ ᠪᠠ ᠰᠢᠨ᠎ᠡ ᠶᠢ ᠡᠭᠦᠳᠬᠦ ᠤᠷᠤᠰᠬᠠᠯ ᠬᠠᠨᠳᠤᠰᠢ ᠶᠢ ᠴᠢᠩᠭ᠎ᠠ ᠳᠠᠭᠠᠵᠤ᠂  ︽ᠬᠤᠶᠠᠷ ᠦᠨᠳᠦᠷᠯᠢᠭ ᠭᠤᠷᠪᠠᠨ ᠲᠤᠭᠤᠷᠢᠭ ᠨᠢᠭᠡ ᠲᠥᠪ︾ ᠤᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠤᠨ ᠲᠣᠭᠤᠷᠢᠨ ᠳᠤ᠂ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ ᠶᠢᠨ ᠵᠢᠷᠤᠭ ᠪᠠ ᠠᠷᠠᠯᠵᠢᠶᠠᠴᠢᠨ ᠤᠷᠢᠬᠤ ᠭᠠᠵᠠᠷ ᠤᠨ ᠵᠢᠷᠤᠭ ᠢ ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠡᠬᠢ ᠪᠠᠶᠠᠯᠢᠭ ᠢ ᠭᠦᠨᠵᠡᠭᠡᠶ ᠰᠤᠳᠤᠯᠤᠨ ᠠᠭᠤᠳᠠᠯᠵᠤ᠂ ᠬᠠᠷᠠᠯᠲᠠ ᠪᠤᠯᠭᠠᠬᠰᠠᠨ ᠠᠵᠤ ᠠᠬᠤᠶᠢᠯᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠮᠬᠢᠯᠡᠨ ᠪᠦᠷᠢᠳᠭᠡᠵᠦ᠂ ᠰᠠᠨᠠᠭᠠᠴᠢᠯᠠᠭ᠎ᠠ ᠠᠴᠠ ᠪᠠᠨ ᠲᠦᠰᠦᠪᠯᠡᠨ ᠤᠬᠠᠭᠠᠯᠠᠵᠤ᠂ ᠰᠠᠨᠠᠭᠠᠴᠢᠯᠠᠭ᠎ᠠ ᠠᠴᠠ ᠪᠠᠨ ᠲᠠᠭᠠᠷᠢᠯᠲᠠ ᠬᠢᠬᠦ ᠬᠡᠷᠡᠭᠲᠡᠶ᠃ ᠣᠷᠳᠣ ᠬᠤᠭᠤᠴᠠᠭ᠎ᠠ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠲᠥᠷᠥᠯ ᠵᠦᠶᠯ ᠢ ᠴᠠᠭ ᠢᠮᠠᠭᠲᠠ ᠴᠢᠩᠭ᠎ᠠ ᠠᠩᠬᠠᠷᠴᠤ᠂ ᠲᠥᠷᠥᠯ ᠵᠦᠶᠯ ᠢ ᠦᠷᠭᠦᠯᠵᠢᠯᠡᠨ ᠮᠦᠷᠳᠡᠨ ᠦᠢᠯᠡᠴᠢᠯᠡᠵᠦ᠂ ᠠᠵᠤ ᠠᠬᠤᠶᠢᠯᠠᠯ ᠳᠤ ᠦᠶᠯᠡᠴᠢᠯᠡᠬᠦ ᠶᠠᠪᠤᠴᠠ ᠳᠤ ᠰᠢᠨ᠎ᠡ ᠲᠥᠷᠥᠯ ᠵᠦᠶᠯ᠂ ᠰᠠᠶᠢᠨ ᠲᠥᠷᠥᠯ ᠵᠦᠶᠯ ᠢ ᠢᠯᠡᠷᠡᠬᠦᠯᠬᠦ ᠬᠡᠷᠡᠭᠲᠡᠶ᠃ ᠴᠠᠭ ᠮᠥᠴᠡ ᠲᠠᠢ ᠤᠷᠤᠯᠳᠤᠨ ᠠᠵᠢᠯᠯᠠᠵᠤ᠂ ᠠᠵᠢᠯᠯᠠᠬᠤ ᠠᠷᠭ᠎ᠠ ᠪᠠᠨ ᠴᠢᠨᠠᠭᠰᠢᠳᠠ ᠰᠠᠶᠢᠵᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠥᠨᠳᠥᠷ ᠦᠷ᠎ᠡ ᠪᠦᠲᠦᠮᠵᠢᠲᠡᠢ᠂ ᠲᠦᠷᠭᠡᠨ ᠬᠤᠷᠳᠤᠴᠠ ᠲᠠᠢ ᠪᠠᠷ ᠠᠬᠢᠭᠤᠯᠵᠤ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠦᠷ᠎ᠡ ᠪᠦᠲᠦᠮᠵᠢ ᠶᠢ ᠦᠨᠡᠨ ᠬᠦ ᠦᠷ᠎ᠡ ᠪᠦᠲᠦᠭᠡᠯ ᠳᠡᠭᠡᠷ᠎ᠡ ᠢᠯᠡᠷᠡᠭᠦᠯᠵᠦ᠂ ᠪᠣᠳᠠᠲᠤ ᠠᠮᠵᠢᠯᠲᠠ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ    ᠭᠦᠶᠴᠡᠳᠬᠡᠨ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠶᠯᠡᠴᠢᠯᠡᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠶᠢ ᠠᠬᠢᠭᠤᠯᠵᠤ᠂ ᠴᠢᠨᠠᠷ ᠰᠠᠶᠢᠲᠠᠶ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠢᠶᠠᠷ ᠪᠥᠬᠦ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃ ︵ᠰᠤᠷᠪᠤᠯᠵᠢᠯᠠᠭᠴᠢ᠄ ᠹᠧᠩ ᠰᠢᠤᠸᠠᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号