ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠬᠡᠪᠯᠡᠯ ᠤᠨ ᠡᠷᠬᠡ ᠶᠢ ᠬᠠᠮᠠᠭᠠᠯᠠᠬᠤ ᠶᠠᠪᠤᠳᠠᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠰᠢᠨ᠎ᠡ ᠶᠢ ᠡᠭᠦᠳᠬᠦ ᠶᠢ ᠬᠠᠮᠠᠭᠠᠯᠠᠬᠤ  ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/16
    4 ᠰᠠᠷ᠎ᠠ ᠶᠢᠨ 9 ᠤ ᠡᠳᠦᠷ᠂ ᠪᠠᠶᠠᠨ ᠤᠪᠤᠭ᠎ᠠ ᠵᠠᠮ ᠵᠡᠭᠡᠯᠢ ᠭᠤᠳᠤᠮᠵᠢ ︽ᠬᠡᠪᠯᠡᠯ ᠤᠨ ᠡᠷᠬᠡ ᠶᠢ ᠬᠠᠮᠠᠭᠠᠯᠠᠬᠤ ᠶᠠᠪᠤᠳᠠᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠰᠢᠨ᠎ᠡ ᠶᠢ ᠡᠭᠦᠳᠬᠦ ᠶᠢ ᠬᠠᠮᠠᠭᠠᠯᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠲᠤᠬᠠᠢ ᠶᠢᠨ ᠲᠠᠯᠠᠪᠠᠢ ᠳᠤ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠬᠡᠪᠯᠡᠯ ᠤᠨ ᠡᠷᠬᠡ ᠶᠢ ᠬᠠᠮᠠᠭᠠᠯᠠᠬᠤ ᠤᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠢᠯᠲᠠᠳ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠯᠠᠨ ᠲᠦᠮᠡᠨ ᠳᠤ ᠵᠣᠬᠢᠶᠠᠯ ᠪᠦᠲᠦᠭᠡᠯ ᠬᠡᠪᠯᠡᠯ ᠤᠨ ᠡᠷᠬᠡ᠂ ᠪᠦᠲᠦᠭᠡᠯ ᠢ ᠳᠠᠩᠰᠠᠯᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠡᠯ᠎ᠡ ᠲᠦᠷᠦᠯ ᠤᠨ ᠤᠬᠠᠭᠤᠯᠭ᠎ᠠ ᠶᠢᠨ ᠭᠠᠷ ᠳᠡᠪᠲᠡᠷ ᠢ 110 ᠬᠤᠪᠢ ᠲᠠᠷᠬᠠᠭᠠᠵᠤ᠂ ᠰᠠᠭᠤᠭᠠᠯᠢ ᠠᠷᠠᠳ ᠤᠨ ᠬᠡᠪᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠪᠣᠯᠤᠨ ᠬᠡᠪᠯᠡᠯ ᠤᠨ ᠡᠷᠬᠡ ᠶᠢ ᠬᠠᠮᠠᠭᠠᠯᠠᠬᠤ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠬᠡᠪᠯᠡᠯ ᠤᠨ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ︵ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号