ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ ᠤᠨ | ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ ᠠᠶᠤᠯ ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ | ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ | ᠠᠪᠤᠷᠠᠨ ᠲᠤᠰᠠᠯᠠᠯᠳᠠ ᠭᠡᠬᠦ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ ᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ ᠱᠠᠲᠤ | ᠳᠠᠷᠠᠭᠠᠯᠠᠨ ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠪᠣᠯ ᠰᠠᠭᠤᠭᠠᠯᠢ | ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ ᠲᠣᠭᠠᠨ ᠤ | ᠡᠮ ᠡᠮᠨᠡᠯᠭᠡ ᠶᠢᠨ ᠰᠦᠢᠳᠭᠡᠯ ᠤᠨ ᠲᠦᠷᠢᠮ ᠤᠨ ᠲᠣᠬᠢᠷᠠᠭᠤᠯᠤᠯᠲᠠ ᠶᠢ ᠤᠯᠠᠮ ᠴᠢᠨᠠᠬᠰᠢᠳᠠ ᠪᠠᠲᠤᠯᠠᠬᠤ ᠪᠣᠯᠤᠨ᠎ᠠ᠃ | | ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ ᠶᠠᠭᠠᠬᠢᠵᠦ ᠰᠦᠢᠳᠭᠡᠯ | ᠲᠤᠰᠢᠶᠠᠬᠤ ᠪᠣᠶ︖ | ᠲᠦᠷᠢᠮ ᠢ ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠰᠠᠭᠠᠷ | ᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠥᠬᠡᠶ ᠪᠣᠯᠵᠣ᠂ ᠪᠣᠶ ᠪᠥᠬᠦᠶ ᠰᠦᠢᠳᠭᠡᠯ ᠢ ᠲᠤᠰᠢᠶᠠᠵᠦ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠣᠯᠠᠨ ᠲᠦᠮᠡᠨ ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ | ᠰᠦᠢᠳᠭᠡᠯ ᠲᠤᠰᠢᠶᠠᠬᠤ ᠴᠢᠬᠤᠯᠠ ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ 2012 | ᠣᠨ ᠳᠤ ᠲᠤᠷᠰᠢᠯᠲᠠ ᠬᠢᠬᠦ ᠠᠵᠢᠯ ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ | ᠬᠡᠷᠡᠭᠵᠢᠭᠦᠯᠵᠡᠢ᠃ | ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖ | ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ | ᠠᠷᠠᠳ ᠤᠨ ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ | ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ | ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ | ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠶ ᠶᠢᠨ | ᠭᠠᠵᠠᠷ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ | ᠣᠷᠴᠢᠮ ᠬᠦᠷᠭᠡᠨ᠎ᠡ᠃ ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ | ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ | ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50 % ᠪᠠᠷ | ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ | ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨ ᠥᠬᠡᠶ ᠪᠣᠯᠭᠠᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ | ᠳᠠᠭᠠᠳᠬᠠᠯ ᠤᠨ ᠰᠦᠢᠳᠭᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ | ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ | ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ ᠪᠤᠯᠤᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃ | | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ | ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖ | ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ ᠦᠶ᠎ᠡ ᠳᠤ᠂ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠶ ᠳᠡᠮᠵᠢᠵᠦ᠂ ᠡᠮ | ᠡᠮᠨᠡᠯᠭᠡ ᠶᠢᠨ ᠳᠠᠭᠠᠳᠬᠠᠯ ᠤᠨ ᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ ᠰᠢᠨ᠎ᠡ ᠵᠠᠭᠪᠤᠷ ᠢ | ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ | ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ | ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ | ᠰᠢᠯᠳᠠᠭᠠᠯᠠᠬᠳᠠᠨ᠎ᠠ᠃ | |