ᠶᠢᠨ ᠶᠦᠩ ᠯᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠶᠢᠨ ᠶᠦᠩ ᠯᠢ ᠨᠡᠷ ᠤᠷᠢᠳ ᠬᠤᠵᠢᠳ ᠢᠦᠶ ᠮᠢᠨ ᠰᠢᠨ᠎ᠡ ᠬᠤᠲᠠ ᠶᠢᠨ ᠬᠦᠰᠡᠯᠡᠩᠲᠦ ᠬᠤᠲᠠ᠂ ᠬᠥᠨᠳᠡᠯᠡᠨ ᠭᠤᠤᠯ ᠤᠨ ᠵᠡᠭᠦᠨ ᠡᠷᠭᠢ᠂ ᠪᠤᠷᠬᠠᠨᠲᠤ ᠪᠠᠯᠭᠠᠰᠤᠨ ᠤ ᠬᠥᠨᠳᠡᠯᠡᠨ ᠤ ᠨᠡᠶᠢᠲᠡ ᠶᠢᠨ ᠣᠩᠭᠤᠨ ᠤ ᠪᠠᠷᠠᠭᠤᠨ ᠡᠮᠦᠨ᠎ᠡ᠂ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠮᠢ ᠠᠬᠤᠶ ᠣᠷᠴᠢᠨ ᠲᠣᠭᠤᠷᠢᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠢᠳᠪᠦᠷᠢᠯᠡᠪᠡ᠃      ᠶᠢᠨ ᠶᠦᠩ ᠯᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ᠠᠷᠠᠳ ᠤᠨ ᠠᠮᠢᠳᠤᠷᠠᠯ ᠤᠨ ᠭᠡᠷᠡᠭᠰᠡᠬᠦ᠂ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠰᠡᠬᠦ ᠬᠡᠷᠡᠭᠴᠡᠭᠡ ᠮᠥᠨ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠪᠡᠶ᠎ᠡ ᠠᠴᠠ ᠪᠠᠨ ᠡᠭᠦᠰᠴᠦ᠂ ᠪᠣᠳᠠᠲᠠᠢ ᠪᠠᠶᠢᠳᠠᠯ ᠠᠴᠠ ᠪᠠᠨ ᠡᠭᠦᠰᠴᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠡᠭᠦᠷᠭᠡ ᠶᠢᠨ ᠨᠠᠷᠢᠨ ᠲᠠᠩᠰᠠ ᠶᠢ ᠦᠨᠳᠦᠰᠦᠯᠡᠨ᠂ ᠭᠤᠣᠯᠳᠠᠯᠭ᠎ᠠ ᠲᠠᠢ ᠠᠵᠢᠯ ᠢ ᠤᠷᠢᠳᠴᠢᠯᠠᠨ᠂ ᠰᠠᠨᠠᠭᠠᠴᠢᠯᠠᠭ᠎ᠠ ᠠᠴᠠ ᠪᠠᠨ᠂ ᠪᠦᠲᠦᠮᠵᠢᠲᠡᠢ ᠲᠥᠯᠥᠪᠵᠢᠭᠦᠯᠵᠦ᠂ ᠪᠠᠷᠢᠮᠵᠢᠶᠠᠯᠠᠨ ᠬᠠᠷᠭᠤᠭᠤᠯᠵᠤ ᠲᠤᠭᠤᠰᠢᠯᠠᠭᠤᠯᠤᠨ ᠠᠳᠬᠤᠵᠤ᠂ ᠦᠩᠬᠡᠨ    ᠲᠠᠯ᠎ᠠ ᠪᠠ ᠦᠨᠳᠦᠰᠦᠨ ᠠᠴᠠ ᠨᠢ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠠᠪᠴᠠᠯ ᠪᠠ ᠵᠠᠰᠠᠯᠲᠠ ᠶᠢᠨ ᠠᠷᠭ᠎ᠠ ᠬᠡᠮᠵᠢᠶ᠎ᠡ ᠶᠢ ᠴᠢᠩᠳᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠠᠰᠠᠭᠤᠳᠠᠯ ᠪᠠ ᠪᠠᠭᠤᠷᠠᠢ ᠭᠤᠭᠴᠤᠭ᠎ᠠ ᠶᠢᠨ ᠲᠣᠭᠤᠷᠢᠨ ᠳᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ︽ᠭᠤᠣᠯ ᠮᠦᠷᠡᠨ ᠤ ᠳᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠣᠯ ᠤᠨ ᠵᠠᠮ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠭᠤᠣᠯ ᠤᠨ ᠵᠠᠮ ᠢ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢ ᠦᠨᠡᠨᠬᠦ ᠴᠢᠩᠭᠠᠳᠬᠠᠨ᠂ ᠭᠤᠣᠯ ᠤᠨ ᠵᠠᠮ ᠤᠨ ᠳᠤᠲᠤᠷᠠᠬᠢ᠂ ᠭᠤᠣᠯ ᠤᠨ    ᠲᠠᠯᠠᠩ ᠤᠨ ᠡᠷᠬᠢᠨ ᠲᠣᠭᠤᠷᠢᠨ ᠤ ᠪᠠᠷᠢᠯᠭ᠎ᠠ ᠶᠢᠨ ᠬᠤᠭ ᠨᠣᠪᠰᠢ ᠪᠣᠯᠤᠨ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠢ ᠲᠤᠨᠢ ᠪᠦᠲᠦᠮᠵᠢᠲᠡᠢ ᠢᠯᠭᠠᠨ ᠴᠠᠪᠡᠷᠯᠡᠵᠤ᠂ ᠭᠤᠣᠯ ᠤᠨ ᠵᠠᠮ ᠤᠨ ᠣᠷᠴᠢᠨ ᠲᠣᠭᠤᠷᠢᠨ ᠢ ᠡᠪᠳᠡᠭᠰᠡᠨ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠤ ᠡᠷᠡᠰ ᠴᠣᠬᠢᠯᠲᠠ ᠥᠭᠬᠦ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠣᠯᠤᠨ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠦᠨᠡᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ ᠭᠡᠵᠡᠢ᠃     ᠲᠤᠭᠤᠷᠢᠭ ᠤᠨ ᠤᠳᠤᠷᠢᠳᠤᠯᠭ᠎ᠠ ᠢᠦᠶ ᠷᠦᠢ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号