ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/4/2
    4 ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠢᠦᠶ ᠵᠠᠨ ᠵᠢᠶᠠᠩ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠶ ᠶᠦᠨ ᡂᠢ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃
     ᠰᠤᠷᠤᠯᠴᠠᠯᠭ᠎ᠠ ᠶᠢᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠭᠠᠵᠢᠭᠤ ᠨᠣᠮᠯᠠᠯ ᠢ ᠡᠰᠡᠷᠭᠦᠴᠡᠬᠦ ᠵᠣᠬᠢᠴᠠᠭᠤᠯᠬᠤ ᠭᠠᠵᠠᠷ ᠤᠨ ᠳᠠᠷᠤᠭ᠎ᠠ ᠵᠠᠩ ᡁᠢ ᠢ ᠶᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠬᠤᠷᠠᠯ ᠳᠡᠭᠡᠷ᠎ᠡ᠂ ᠵᠠᠩ ᡁᠢ ᠢ ︽ᠥᠨᠳᠥᠷ ᠵᠣᠭᠰᠣᠴᠠ ᠥᠨᠳᠥᠷ ᠪᠠᠷᠢᠮᠵᠢᠶ᠎ᠠ ᠪᠠᠷ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠬᠡᠷᠡᠭᠲᠡᠶ︾ ᠭᠡᠬᠦ ᠰᠡᠳᠦᠪ ᠢᠶᠠᠷ᠂ ︽ᠭᠠᠵᠢᠭᠤ ᠨᠣᠮᠯᠠᠯ ᠤᠨ ᠰᠦᠷᠳᠡᠭᠦᠯᠦᠯ ᠤᠨ ᠬᠡᠮ ᠰᠤᠭᠤᠭ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠭᠠᠵᠢᠭᠤ ᠨᠣᠮᠯᠠᠯ ᠤᠨ ᠮᠥᠨ ᠴᠢᠨᠠᠷ ᠤᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠭᠠᠵᠢᠭᠤ ᠨᠣᠮᠯᠠᠯ ᠤᠨ ᠪᠣᠶ ᠪᠣᠯᠬᠤ ᠦᠨᠳᠦᠰᠦ ᠰᠤᠷᠪᠤᠯᠵᠢ ᠶᠢ ᠬᠠᠶᠢᠨ ᠰᠦᠪᠡᠭᠴᠢᠯᠡᠵᠦ᠂ ᠭᠠᠵᠢᠭᠤ ᠨᠣᠮᠯᠠᠯ ᠢ ᠦᠨᠳᠦᠰᠦᠨ ᠠᠴᠠ ᠨᠢ ᠵᠠᠰᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ︾ ᠭᠡᠬᠦ ᠳᠥᠷᠪᠡᠨ ᠲᠠᠯ᠎ᠠ ᠠᠴᠠ᠂ ᠥᠪᠥᠷ ᠮᠣᠩᠭᠤᠯ᠂ ᠪᠤᠭᠤᠲᠤ ᠬᠤᠲᠠ ᠶᠢᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠯᠠᠨ ᠲᠦᠮᠡᠨ ᠳᠤ ᠭᠠᠵᠢᠭᠤ ᠨᠣᠮᠯᠠᠯ ᠢ ᠡᠰᠡᠷᠭᠦᠴᠡᠬᠦ ᠲᠤᠬᠠᠢ ᠲᠤᠰᠬᠠᠶ ᠰᠡᠳᠦᠪᠲᠦ ᠵᠢᠯᠣᠭᠤᠳᠣᠯᠭ᠎ᠠ ᠬᠢᠪᠠ᠃ ᠠᠮᠢᠳᠤᠯᠢᠭ ᠪᠤᠷᠤᠭᠵᠢᠭᠤᠨ ᠦᠭᠡ ᠬᠡᠯᠡ ᠪᠣᠯᠤᠨ ᠨᠠᠷᠢᠯᠢᠭ ᠪᠣᠳᠠᠲᠠᠢ ᠬᠡᠷᠡᠭ ᠤᠨ ᠵᠢᠱᠢᠶ᠎ᠡ ᠨᠢ ᠬᠤᠷᠠᠯ ᠳᠤ ᠣᠷᠣᠯᠴᠠᠭᠰᠠᠳ ᠲᠤ ᠴᠢᠩᠭ᠎ᠠ ᠲᠤᠩᠰᠤᠯᠤᠯ ᠪᠠ ᠭᠦᠨᠵᠡᠭᠡᠢ ᠬᠥᠮᠦᠵᠢᠯ ᠬᠦᠷᠲᠡᠭᠡᠵᠦ᠂ ᠪᠦᠬᠦ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠤᠨ ᠭᠠᠵᠢᠭᠤ ᠨᠣᠮᠯᠠᠯ ᠲᠠᠢ ᠡᠷᠡᠰ ᠲᠡᠮᠡᠴᠡᠬᠦ ᠦᠵᠡᠯ ᠰᠠᠨᠠᠭ᠎ᠠ ᠲᠠᠨᠢᠯᠲᠠ ᠶᠢ ᠴᠢᠨᠠᠭᠰᠢᠳᠠ ᠴᠢᠩᠭᠠᠳᠬᠠᠪᠠ᠃     ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠭᠤᠣᠯ ᠬᠦᠴᠦᠨ ᠴᠡᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠤᠣᠷ ᠬᠥᠨᠥᠭᠡᠯ ᠪᠣᠯᠤᠨ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠲᠠᠨᠢᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠡᠪᠳᠡᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠡᠷᠡᠰ ᠴᠣᠬᠢᠯᠲᠠ ᠥᠭᠴᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠦᠮᠦᠵᠢᠬᠦᠯᠦᠨ ᠰᠤᠷᠭᠠᠵᠤ ᠬᠤᠪᠢᠷᠠᠭᠤᠯᠬᠤ᠂ ᠳᠠᠷᠤᠵᠤ ᠬᠢᠵᠠᠭᠠᠷᠯᠠᠬᠤ ᠪᠠ ᠡᠰᠡᠷᠭᠦᠴᠡᠨ ᠬᠤᠷᠢᠭᠯᠠᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤᠮᠳᠠ ᠬᠥᠨᠳᠡᠯᠡᠨ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠪᠦᠬᠦ ᠲᠤᠭᠤᠷᠢᠭ ᠤᠨ ᠬᠤᠯᠪᠣᠭᠳᠠᠯ ᠪᠦᠬᠦᠢ ᠰᠢᠶᠠᠨ ᠤ ᠱᠠᠲᠤᠨ ᠤ ᠤᠳᠤᠷᠢᠳᠤᠯᠭ᠎ᠠ᠂ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠵᠡᠭᠡᠯᠢ  ᠭᠤᠳᠤᠮᠵᠢ ᠪᠠᠯᠭᠠᠰᠤᠨ ᠤ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠵᠢᠴᠢ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠠᠢ᠃  ︵ᠰᠤᠷᠪᠤᠯᠵᠢᠯᠠᠭᠴᠢ᠄ ᠯᠸᠢ ᠶᠤᠸᠠᠨ ᠶᠤᠸᠠᠨ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号