1 — 2 ᠰᠠᠷ᠎ᠠ ᠳᠤ᠂ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ | ᠦᠶᠯᠡᠰ ᠤᠨ ᠭᠤᠤᠯ ᠪᠣᠯᠬᠤ ᠠᠵᠢᠯ ᠲᠥᠷᠥᠯ ᠤᠨ ᠰᠡᠷᠭᠦᠨ ᠰᠠᠶᠢᠵᠢᠷᠠᠬᠤ ᠬᠠᠨᠳᠤᠰᠢ ᠢᠯᠡᠷᠬᠡᠶ ᠪᠣᠯᠵᠣ᠂ 10 ᠠᠵᠢᠯ | ᠲᠥᠷᠥᠯ ᠤᠨ ᠳᠣᠲᠣᠷᠠᠬᠢ 5 ᠨᠢ ᠨᠡᠮᠡᠭᠳᠡᠯ ᠢ ᠪᠡᠶᠡᠯᠡᠭᠦᠯᠪᠡ᠃ ᠰᠢᠨ᠎ᠡ ᠪᠠᠷ ᠮᠠᠨᠳᠤᠬᠰᠠᠨ ᠠᠵᠢᠯ ᠲᠥᠷᠥᠯ ᠤᠨ | ᠨᠡᠮᠡᠭᠳᠡᠯ ᠤᠨ ᠡᠷᠴᠢᠮ ᠴᠢᠩᠭᠠᠷᠠᠵᠤ᠂ ᠦᠶᠯᠡᠳᠪᠦᠷᠢᠯᠡᠯ ᠤᠨ ᠴᠢᠨᠠᠷᠲᠠᠶ ᠬᠠᠮᠢᠶ᠎ᠠ ᠪᠥᠬᠦᠶ ᠦᠶᠯᠡᠴᠢᠯᠡᠭᠡᠨ ᠤ | ᠦᠶᠯᠡᠰ ᠤᠨ ᠦᠵᠡᠬᠦᠯᠦᠭᠰᠡᠨ ᠬᠤᠪᠢ ᠨᠡᠮᠡᠷᠢ ᠲᠣᠪᠤᠶᠢᠮ᠎ᠠ ᠪᠤᠯᠵᠤ᠂ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ | ᠦᠶᠯᠡᠰ ᠲᠣᠭᠲᠠᠭᠤᠨ ᠢᠶᠠᠷ ᠬᠥᠭᠵᠢᠵᠦ᠂ ᠪᠦᠬᠦᠯᠢ ᠴᠣᠭᠴᠠ ᠪᠠᠷ ᠢᠶᠠᠨ ᠰᠠᠶᠢᠨ ᠡᠬᠢᠯᠡᠯᠲᠡ ᠶᠢ ᠪᠡᠶᠡᠯᠡᠬᠦᠯᠪᠡ᠃ | ᠰᠢᠨ᠎ᠡ ᠪᠠᠷ ᠮᠠᠨᠳᠤᠭᠰᠠᠨ ᠠᠵᠢᠯ ᠲᠥᠷᠥᠯ ᠤᠨ ᠬᠦᠭᠵᠢᠯᠳᠠ ᠶᠢᠨ ᠡᠷᠴᠢᠮ ᠴᠢᠩᠭᠠᠷᠠᠵᠤ ᠪᠠᠶᠢᠨ᠎ᠠ᠃ ᠵᠥᠭᠡᠯᠡᠨ | ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ ᠨᠢ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.0% ᠢᠶᠠᠷ ᠨᠡᠮᠡᠭᠳᠡᠵᠦ᠂ ᠢᠨᠲ᠋ᠧᠷ ᠰᠦᠯᠵᠢᠶ᠎ᠡ ᠪᠠ | ᠬᠠᠮᠢᠶ᠎ᠠ ᠪᠥᠬᠦᠶ ᠦᠶᠯᠡᠴᠢᠯᠡᠭᠡᠨ ᠤ ᠦᠶᠯᠡᠰ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠨᠢᠭᠡ ᠳᠠᠬᠢᠨ | ᠢᠯᠡᠭᠦᠦ ᠨᠡᠮᠡᠭᠳᠡᠪᠡ᠃ | ᠦᠶᠯᠡᠳᠪᠦᠷᠢᠯᠡᠯ ᠤᠨ ᠴᠢᠨᠠᠷᠲᠠᠶ ᠬᠠᠮᠢᠶ᠎ᠠ ᠪᠦᠬᠦᠢ ᠦᠶᠯᠡᠴᠢᠯᠡᠭᠡᠨ ᠤ ᠦᠶᠯᠡᠰ ᠤᠨ ᠦᠵᠡᠬᠦᠯᠦᠭᠰᠡᠨ ᠬᠤᠪᠢ | ᠨᠡᠮᠡᠷᠢ ᠲᠣᠪᠣᠶᠢᠮ᠎ᠠ ᠪᠤᠯᠪᠠ᠃ ᠡᠭᠦᠨ ᠳᠤ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ | ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 26.9% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ | ᠦᠶᠯᠡᠰ ᠤᠨ ᠡᠵᠡᠩᠨᠡᠯᠲᠡ ᠶᠢᠨ ᠣᠷᠣᠯᠭ᠎ᠠ ᠳᠤ ᠬᠤᠪᠢ ᠨᠡᠮᠡᠷᠢ ᠦᠵᠡᠭᠦᠯᠦᠭᠰᠡᠨ ᠨᠣᠷᠮ᠎ᠠ 76.2% ᠲᠤ ᠬᠦᠷᠴᠡᠢ᠃ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠶᠯᠡᠴᠢᠯᠡᠭᠡᠨ ᠤ ᠦᠶᠯᠡᠰ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 33.7% ᠪᠠᠷ ᠨᠡᠮᠡᠭᠳᠡᠪᠡ᠃ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠪᠡ᠃ ᠡᠷᠡᠭᠦᠯ | ᠬᠠᠮᠠᠭᠠᠯᠠᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 6.2% ᠢᠶᠠᠷ ᠨᠡᠮᠡᠭᠳᠡᠵᠦ᠂ ᠰᠣᠶᠣᠯ᠂ ᠪᠡᠶ᠎ᠡ ᠶᠢᠨ ᠲᠠᠮᠢᠷ ᠪᠣᠯᠤᠨ ᠵᠤᠭ᠎ᠠ ᠴᠡᠩᠭᠡᠯ ᠤᠨ ᠦᠢᠯᠡᠰ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠪᠡ᠃ |