ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠵᠤ᠂ ︽ᠬᠤᠶᠠᠷ ᠰᠢᠨ᠎ᠡ︾ ᠪᠠᠷ ᠠᠵᠢᠯ ᠤᠨ ᠤᠳᠤᠷᠢᠳᠤᠮᠵᠢ ᠪᠤᠯᠭᠠᠬᠤ ᠶᠢ | ᠪᠠᠷᠢᠮᠲᠠᠯᠠᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠵᠦ᠂ ᠪᠥᠬᠦ | ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠦᠷᠭᠦᠯᠵᠢᠯᠡᠨ ᠥᠨᠳᠥᠷ ᠨᠡᠮᠡᠭᠳᠡᠯ ᠤᠨ | ᠬᠠᠨᠳᠤᠰᠢ ᠪᠠᠨ ᠪᠠᠲᠤᠯᠠᠪᠠ᠃ ᠲᠦᠷᠦᠬᠦᠦ ᠤᠯᠠᠷᠢᠯ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 51.7% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠪᠠᠷ ᠢᠶᠠᠨ | ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ | ᠬᠤᠲᠠ ᠶᠢᠨ ᠲᠠᠪᠤᠨ ᠲᠣᠭᠤᠷᠢᠭ ᠲᠤ ᠲᠦᠷᠦᠬᠦᠯᠡᠪᠡ᠃ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠬᠤᠣᠰ | ᠨᠡᠮᠡᠭᠳᠡᠯ ᠢ ᠪᠡᠶᠡᠯᠡᠭᠦᠯᠪᠡ᠃ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 51.4% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ | 41.9 ᠬᠤᠪᠢ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ 81.2% ᠲᠤ ᠬᠦᠷᠴᠦ᠂ ᠪᠥᠬᠦ ᠪᠠᠯᠠ | ᠣᠷᠣᠭᠤᠯᠤᠯᠲᠠ ᠶᠢᠨ 81.5% ᠶᠢ ᠡᠵᠡᠯᠡᠪᠡ︔ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 52.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ | ᠵᠠᠭᠤᠨ ᠤ ᠬᠠᠷᠢᠴᠠᠯ ᠢᠶᠠᠷ 9.7 ᠬᠤᠪᠢ ᠳᠠᠶᠢᠴᠢᠯᠠᠵᠤ᠂ ᠪᠥᠬᠦ ᠪᠠᠯᠠ ᠣᠷᠣᠭᠤᠯᠤᠯᠲᠠ ᠶᠢᠨ 18.5% ᠶᠢ | ᠡᠵᠡᠯᠡᠪᠡ᠃ | ᠭᠤᠷᠪᠠᠨ ᠶᠡᠭᠡ ᠬᠦᠷᠢᠶᠡᠨ ᠳᠠᠬᠢ ᠪᠠᠯᠠ ᠣᠷᠣᠭᠤᠯᠤᠯᠲᠠ ︽ᠬᠤᠶᠠᠷ ᠨᠡᠮᠡᠭᠳᠡᠵᠦ ᠨᠢᠭᠡ ᠪᠠᠭᠤᠷᠠᠬᠤ︾ | ᠬᠠᠨᠳᠤᠰᠢ ᠲᠠᠢ ᠪᠣᠯᠪᠠ᠃ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 49.2% ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ | ᠢᠶᠠᠷ 40.2 ᠬᠤᠪᠢ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ 78% ᠳᠤ ᠬᠦᠷᠴᠡᠶ᠂ ᠡᠭᠦᠨ ᠳᠤ | ᠲᠡᠮᠦᠷᠯᠢᠭ ᠪᠤᠰᠤ ᠡᠷᠦᠳᠡᠰᠦ ᠶᠢᠨ ᠦᠶᠯᠡᠳᠬᠦᠨ ᠤ ᠦᠶᠯᠡᠰ ᠲᠠᠬᠢ ᠪᠡᠯᠡ ᠤᠷᠤᠭᠤᠯᠤᠯᠳᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 37.5% ᠪᠠᠷ ᠨᠡᠮᠡᠭᠳᠡᠵᠦ᠂ ᠪᠦᠬᠦ ᠪᠡᠯᠡ ᠤᠷᠤᠭᠤᠯᠤᠯᠳᠠ ᠳᠠᠬᠢ ᠡᠵᠡᠯᠡᠬᠦ ᠬᠠᠷᠢᠴᠠᠯ ᠨᠢ | 80% ᠳᠤ ᠬᠦᠷᠴᠡᠶ︔ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 3.2 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ | 8.6 ᠬᠤᠪᠢ ᠳᠠᠶᠢᠴᠢᠯᠠᠪᠠ︔ ᠬᠡᠷ ᠭᠠᠵᠠᠷ ᠤᠨ ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 45.3% ᠪᠠᠷ ᠪᠠᠭᠤᠷᠠᠪᠠ᠃ | ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠴᠢᠩᠭᠠᠷᠠᠵᠤ᠂ ᠠᠵᠤ ᠦᠢᠯᠡᠳᠪᠦᠷᠢ ᠶᠢᠨ | ᠬᠦᠷᠢᠶ᠎ᠡ ᠴᠠᠷᠠᠭ᠎ᠠ ᠬᠤᠪᠢ ᠨᠡᠮᠡᠷᠢ ᠦᠵᠡᠬᠦᠯᠦᠭᠰᠡᠨ ᠢᠶᠠᠷ ᠲᠤᠪᠤᠶᠢᠮ᠎ᠠ ᠪᠠᠶᠢᠨ᠎ᠠ᠃ ᠠᠷᠠᠳ ᠤᠨ ᠪᠠᠯᠠ ᠣᠷᠣᠭᠤᠯᠤᠯᠲᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.7 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ | ᠵᠠᠭᠤᠨ ᠤ ᠬᠠᠷᠢᠴᠠᠯ ᠢᠶᠠᠷ 94.8 ᠬᠤᠪᠢ ᠳᠠᠶᠢᠴᠢᠯᠠᠪᠠ᠂ ᠡᠭᠦᠨ ᠳᠤ ᠬᠤᠶᠠᠳᠤᠭᠠᠷ ᠠᠵᠤ ᠦᠶᠯᠡᠰ ᠤᠨ ᠪᠡᠯᠡ | ᠤᠷᠤᠭᠤᠯᠤᠯᠳᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 418.5% ᠪᠠᠷ ᠨᠡᠮᠡᠭᠳᠡᠪᠡ︔ | ᠭᠤᠷᠪᠠᠳᠤᠭᠠᠷ ᠠᠵᠤ ᠦᠶᠯᠡᠰ ᠤᠨ ᠪᠡᠯᠡ ᠤᠷᠤᠭᠤᠯᠤᠯᠳᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 15.0% ᠢᠶᠠᠷ ᠨᠡᠮᠡᠭᠳᠡᠪᠡ᠃ |