ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠠᠵᠤ ᠦᠶᠯᠡᠳᠪᠦᠷᠢ ᠶᠢᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠲᠠᠰᠤᠷᠠᠯᠲᠠ ᠥᠬᠡᠶ ᠲᠦᠷᠭᠡᠳᠬᠡᠨ ᠪᠠᠶᠢᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠢᠲᠡᠭᠡᠯ | ᠵᠣᠷᠢᠭ ᠢᠶᠠᠨ ᠪᠠᠲᠤᠳᠬᠠᠵᠤ᠂ ᠲᠥᠷᠥ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠬᠥᠭᠵᠢᠭᠡᠵᠦ᠂ ᠬᠠᠩᠭᠠᠯᠭ᠎ᠠ | ᠬᠡᠷᠡᠭᠴᠡᠭᠡ ᠪᠠᠷ ᠬᠦᠴᠦᠯᠡᠬᠦ ᠶᠢ ᠪᠠᠷᠢᠮᠲᠠᠯᠠᠵᠤ᠂ ᠠᠵᠤ ᠦᠶᠯᠡᠳᠪᠦᠷᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ | ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠪᠡ᠃ ᠲᠦᠷᠦᠭᠦᠦ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.6% ᠪᠠᠷ | ᠨᠡᠮᠡᠭᠳᠡᠵᠦ᠂ ᠲᠦᠷᠦᠭᠦᠦ ᠬᠤᠶᠠᠷ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠳᠡᠭᠡᠭᠰᠢᠯᠡᠵᠦ᠂ | ᠠᠵᠤ ᠠᠬᠤᠢ ᠶᠢᠨ ᠡᠷᠭᠢᠯᠲᠡ ᠲᠣᠭᠲᠠᠭᠤᠨ ᠪᠤᠯᠵᠤ᠂ ᠨᠡᠯᠢᠶᠡᠳ ᠰᠠᠶᠢᠨ ᠡᠬᠢᠯᠡᠯᠲᠡ ᠶᠢ ᠪᠡᠶᠡᠯᠡᠬᠦᠯᠪᠡ᠃ | ᠲᠥᠷᠥᠯ ᠵᠦᠶᠯ ᠢᠶᠠᠷ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠶᠯᠡᠰ 0.4% ᠪᠠᠷ ᠨᠡᠮᠡᠭᠳᠡᠵᠦ᠂ | ᠦᠶᠯᠡᠳᠬᠦ ᠦᠶᠯᠡᠰ 19.7% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ | ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ 23.6% ᠪᠠᠷ ᠨᠡᠮᠡᠭᠳᠡᠪᠡ᠃ ᠠᠵᠢᠯ ᠲᠥᠷᠥᠯ ᠢᠶᠠᠷ | ᠬᠤᠪᠢᠶᠠᠵᠤ ᠦᠵᠡᠪᠡᠯ᠂ ᠠᠵᠤ ᠠᠬᠤᠢ ᠶᠢᠨ ᠬᠦᠭᠵᠢᠯᠳᠠ ᠶᠢ ᠬᠠᠮᠤᠭ ᠤᠨ ᠶᠡᠭᠡ ᠪᠠᠷ ᠳᠠᠶᠢᠴᠢᠯᠠᠭᠰᠠᠨ ᠭᠤᠷᠪᠠᠨ | ᠶᠡᠭᠡ ᠠᠵᠢᠯ ᠲᠥᠷᠥᠯ ᠪᠤᠯ ᠲᠣᠰ ᠲᠣᠰ᠄ ᠥᠩᠭᠡᠲᠦ ᠲᠡᠮᠦᠷᠯᠢᠭ ᠤᠨ ᠠᠭᠤᠷᠬᠠᠶ ᠶᠢᠨ ᠰᠠᠯᠭᠠᠨ ᠰᠢᠯᠢᠵᠦ ᠮᠠᠯᠳᠠᠬᠤ | ᠦᠶᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 10.1% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠠᠷᠢᠴᠠᠯ ᠢᠶᠠᠷ 39.8 ᠬᠤᠪᠢ | ᠳᠠᠶᠢᠴᠢᠯᠠᠪᠠ︔ ᠲᠡᠮᠦᠷᠯᠢᠭ ᠪᠤᠰᠤ ᠡᠷᠦᠳᠡᠰᠦ ᠶᠢᠨ ᠦᠢᠯᠡᠳᠬᠦᠨ ᠤ ᠦᠶᠯᠡᠰ ᠤᠨ ᠨᠡᠮᠡᠭᠳᠡᠯ ᠥᠷᠲᠡᠭ ᠤᠨ ᠡᠵᠡᠯᠡᠬᠦ | ᠬᠠᠷᠢᠴᠠᠯ 31.4% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠢ ᠵᠠᠭᠤᠨ ᠤ ᠬᠠᠷᠢᠴᠠᠯ ᠢᠶᠠᠷ 21.1 ᠬᠤᠪᠢ ᠳᠠᠶᠢᠴᠢᠯᠠᠪᠠ︔ ᠬᠠᠷ᠎ᠠ ᠲᠡᠮᠦᠷᠯᠢᠭ | ᠬᠠᠶᠢᠯᠤᠭᠤᠯᠬᠤ ᠪᠠ ᠰᠤᠪᠢᠵᠤ ᠪᠣᠯᠪᠠᠰᠤᠷᠠᠭᠤᠯᠬᠤ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠡᠵᠡᠯᠡᠬᠦ | ᠬᠠᠷᠢᠴᠠᠯ 28.8% ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠢ ᠵᠠᠭᠤᠨ ᠤ ᠬᠠᠷᠢᠴᠠᠯ ᠢᠶᠠᠷ 1.3 ᠬᠤᠪᠢ ᠳᠠᠶᠢᠴᠢᠯᠠᠪᠠ᠃ |