ᠲᠦᠷᠦᠬᠦᠦ ᠤᠯᠠᠷᠢᠯ ᠳᠤ ᠬᠥᠨᠳᠡᠯᠡᠨ ᠲᠣᠭᠤᠷᠢᠭ ᠤᠨ ᠠᠵᠤ ᠠᠬᠤᠢ ᠰᠠᠶᠢᠨ ᠡᠬᠢᠯᠡᠯᠲᠡ ᠶᠢ ᠪᠡᠶᠡᠯᠡᠬᠦᠯᠪᠡ︕
ᠨᠡᠶᠢᠲᠡᠯᠡᠭᠰᠡᠨ ᠴᠠᠭ᠄
2024/4/23
     ᠲᠦᠷᠦᠬᠦᠦ ᠤᠯᠠᠷᠢᠯ ᠳᠤ᠂ ᠬᠥᠨᠳᠡᠯᠡᠨ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶᠠᠨ ᠤ ᠪᠦᠬᠦᠳᠠ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠭᠦᠨᠵᠡᠭᠡᠢ ᠴᠣᠭᠴᠠᠯᠠᠵᠤ᠂ ᠪᠦᠬᠦᠯᠢ ᠴᠣᠭᠴᠠ ᠶᠢᠨ ᠠᠵᠤ ᠠᠬᠤᠢ ᠶᠢᠨ ᠡᠷᠭᠢᠯᠲᠡ ᠰᠠᠶᠢᠨ ᠡᠬᠢᠯᠡᠯᠲᠡ ᠶᠢ ᠪᠡᠶᠡᠯᠡᠬᠦᠯᠪᠡ᠃      ᠪᠦᠷᠢᠳᠬᠡᠭᠰᠡᠨ ᠮᠠᠲ᠋ᠧᠷᠢᠶᠠᠯ ᠠᠴᠠ ᠦᠵᠡᠪᠡᠯ᠂ ᠲᠦᠷᠦᠬᠦᠦ ᠤᠯᠠᠷᠢᠯ ᠳᠤ᠂ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 329.35 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ ᠶᠡᠷᠦᠩᠬᠡᠶ ᠬᠡᠮᠵᠢᠶᠡᠨ ᠤ 32.6% ᠶᠢ ᠡᠵᠡᠯᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠵᠦ᠂ ᠪᠥᠬᠦ ᠬᠤᠲᠠ ᠳᠤ ᠬᠤᠪᠢ ᠨᠡᠮᠡᠷᠢ ᠦᠵᠡᠭᠦᠯᠦᠭᠰᠡᠨ    ᠬᠡᠮᠵᠢᠶ᠎ᠡ ᠨᠢ ᠠᠷᠪᠠᠨ ᠤ ᠭᠤᠷᠪᠠᠨ ᠬᠤᠪᠢ ᠠᠴᠠ ᠳᠡᠭᠡᠭᠰᠢ ᠳᠤ ᠬᠦᠷᠴᠦ᠂ ᠪᠥᠬᠦ ᠬᠤᠲᠠ ᠶᠢᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠢ ᠵᠠᠭᠤᠨ ᠤ ᠬᠠᠷᠢᠴᠠᠯ ᠢᠶᠠᠷ 2.7 ᠬᠤᠪᠢ  ᠳᠠᠶᠢᠴᠢᠯᠠᠪᠠ᠃ ᠨᠢᠭᠡ ᠬᠤᠶᠠᠷ ᠭᠤᠷᠪᠠᠳᠤᠭᠠᠷ ᠠᠵᠤ ᠦᠶᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ    0.30 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ  158.11 ᠳ᠋ᠦᠩᠰᠢᠭᠤᠷ ᠲᠥᠭᠦᠷᠢᠭ ᠲᠤ ᠬᠦᠷᠴᠦ᠂ 10.7% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 170.93 ᠳ᠋ᠦᠩᠰᠢᠭᠤᠷ ᠲᠥᠭᠦᠷᠢᠭ ᠲᠤ ᠬᠦᠷᠴᠦ᠂ 6.1% ᠪᠠᠷ ᠨᠡᠮᠡᠭᠳᠡᠵᠦ᠂  ᠨᠢᠬᠡ ᠬᠤᠶᠠᠷ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠬᠠᠷᠢᠴᠠᠯ 0.1᠄ 48.0᠄ 51.9  ᠪᠤᠯᠪᠠ᠃      ᠲᠦᠷᠦᠬᠦᠦ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ  ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠵᠦ᠂ ᠪᠥᠬᠦ ᠬᠤᠲᠠ ᠳᠤ ᠬᠤᠪᠢ ᠨᠡᠮᠡᠷᠢ ᠦᠵᠡᠭᠦᠯᠦᠭᠰᠡᠨ ᠬᠡᠮᠵᠢᠶ᠎ᠡ ᠨᠢ ᠠᠷᠪᠠᠨ ᠤ ᠭᠤᠷᠪᠠᠨ ᠬᠤᠪᠢ ᠳᠤ ᠣᠶᠢᠷᠠᠳᠴᠤ᠂ ᠪᠥᠬᠦ ᠬᠤᠲᠠ ᠶᠢᠨ ᠠᠵᠤ ᠦᠶᠯᠡᠳᠪᠦᠷᠢ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 4.4 ᠬᠤᠪᠢ ᠳᠠᠶᠢᠴᠢᠯᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 51.7% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 31.4  ᠬᠤᠪᠢ ᠥᠨᠳᠥᠷ ᠪᠣᠯᠵᠤ᠂  ᠪᠦᠬᠦ ᠬᠤᠳᠠ ᠶᠢᠨ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠳᠤ ᠦᠵᠡᠬᠦᠯᠦᠭᠰᠡᠨ ᠬᠤᠪᠢ    ᠨᠡᠮᠡᠷᠢ ᠶᠢᠨ ᠬᠡᠮᠵᠢᠶ᠎ᠡ ᠠᠷᠪᠠᠨ ᠤ ᠲᠠᠪᠤ ᠠᠴᠠ ᠲᠡᠭᠡᠭᠰᠢ ᠳᠤ ᠬᠦᠷᠴᠦ᠂ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 10.4 ᠬᠤᠪᠢ ᠲᠠᠶᠢᠴᠢᠯᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 87.24 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.5 ᠬᠤᠪᠢ ᠥᠨᠳᠥᠷ ᠪᠠᠶᠢᠵᠤ᠂ ᠪᠦᠬᠦ ᠬᠤᠲᠠ ᠳᠤ ᠬᠤᠪᠢ ᠨᠡᠮᠡᠷᠡᠢ ᠦᠵᠡᠭᠦᠯᠦᠭᠰᠡᠨ ᠨᠤᠷᠮ᠎ᠠ 37.1% ᠪᠠᠶᠢᠵᠤ᠂ ᠪᠦᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ ᠶᠢ ᠵᠠᠭᠤᠨ ᠤ ᠬᠠᠷᠢᠴᠠᠯ ᠢᠶᠠᠷ 1.6 ᠬᠤᠪᠢ ᠲᠠᠶᠢᠴᠢᠯᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17130 ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ 2023 ᠣᠨ ᠤ ᠬᠢ ᠠᠴᠠ ᠵᠠᠭᠤᠨ ᠤ ᠬᠠᠷᠢᠴᠠᠯ ᠢᠶᠠᠷ 0.4 ᠬᠤᠪᠢ ᠳᠡᠭᠡᠭᠰᠢᠯᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 8.81 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ  ᠵᠢᠯ ᠤᠨ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠶᠡᠷᠦᠩᠬᠡᠢ ᠬᠡᠮᠵᠢᠶ᠎ᠡ ᠴᠥᠮ ᠪᠦᠬᠦ ᠬᠤᠲᠠ ᠳᠤ ᠲᠦᠷᠦᠬᠦᠯᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号