ᠰᠠᠶᠢᠨ ᠴᠢᠮᠡᠭᠡ︕ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠮᠤᠳᠠᠯ ᠲᠤᠭᠠᠴᠢᠯᠲᠠ︾ ᠶᠢᠨ ᠴᠤᠩᠬᠤᠪᠴᠢ ᠶᠢ ᠰᠢᠨ᠎ᠡ ᠪᠠᠷ ᠨᠡᠮᠡᠵᠤ ᠲᠤᠬᠢᠷᠠᠭᠤᠯᠪᠠ︕
ᠨᠡᠶᠢᠲᠡᠯᠡᠭᠰᠡᠨ ᠴᠠᠭ᠄
2024/4/24
     ᠣᠶᠢᠷ᠎ᠠ ᠳᠤ᠂ ᠬᠥᠨᠳᠡᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠮᠤᠳᠠᠯ ᠲᠤᠭᠠᠴᠢᠯᠲᠠ︾ ᠶᠢᠨ ᠴᠤᠩᠬᠤᠪᠴᠢ ᠭᠠᠷᠭᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠵᠡᠷᠭᠡ ᠬᠦᠷᠢᠶᠡᠨ ᠳᠠᠬᠢ ᠠᠮᠠᠯᠠᠬᠰᠠᠨ ᠦᠢᠯᠡᠰ ᠤᠨ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠤᠬᠠᠢ ᠭᠤᠮᠤᠳᠠᠯ ᠲᠤᠭᠠᠴᠢᠯᠲᠠ ᠶᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠳᠤᠮᠳᠠᠬᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠪᠤᠯᠤᠨ᠎ᠠ᠃     ᠲᠠᠨᠢᠯᠴᠠᠭᠤᠯᠤᠭᠰᠠᠨ ᠢᠶᠠᠷ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠮᠤᠳᠠᠯ ᠲᠤᠭᠠᠴᠢᠯᠲᠠ︾ ᠶᠢᠨ ᠴᠤᠩᠬᠤᠪᠴᠢ ᠶᠢ ᠪᠠᠶᠢᠭᠤᠯᠤᠭᠰᠠᠨ ᠶᠠᠪᠤᠳᠠᠯ ᠪᠣᠯ ᠬᠥᠨᠳᠡᠯᠡᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠰᠠ ᠨᠢᠭᠡᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠤᠨ᠎ᠠ᠃ ᠬᠠᠮᠢᠶ᠎ᠠ ᠪᠥᠬᠦᠶ ᠠᠵᠢᠯᠲᠠᠨ ᠠᠵᠢᠯ ᠤᠨ ᠡᠬᠡ ᠲᠠᠩᠰᠠ ᠶᠢ ᠪᠠᠶᠢᠭᠤᠯᠬᠤ ᠪᠠᠷ ᠳᠠᠮᠵᠢᠭᠤᠯᠤᠨ᠂ ᠭᠤᠮᠤᠳᠠᠯ ᠲᠤᠭᠠᠴᠢᠬᠰᠠᠨ ᠠᠰᠠᠭᠤᠳᠠᠯ ᠢ ᠲᠥᠷᠥᠯ ᠬᠤᠪᠢᠶᠠᠨ ᠰᠢᠯᠵᠢᠭᠦᠯᠦᠨ ᠬᠦᠢᠴᠡᠳᠭᠡᠯᠬᠡᠬᠦ ᠪᠠ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠤᠮᠤᠳᠠᠯ ᠲᠤᠭᠠᠴᠢᠬᠰᠠᠨ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠤᠳᠤᠯᠤᠨ ᠮᠠᠭᠠᠳᠯᠠᠵᠤ ᠵᠠᠳᠠᠯᠤᠨ᠂ ᠬᠠᠮᠢᠶ᠎ᠠ ᠪᠥᠬᠦᠶ ᠡᠭᠦᠷᠭᠡ ᠲᠤᠰᠢᠶᠠᠯᠳᠦ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠰᠢᠯᠵᠢᠭᠦᠯᠦᠨ ᠬᠦᠢᠴᠡᠳᠭᠡᠯᠬᠡᠬᠦ ᠠᠵᠢᠯ ᠢ ᠤᠨᠢᠨ ᠳᠡᠭᠡᠷ᠎ᠡ ᠨᠢ ᠪᠡᠶᠡᠯᠡᠭᠦᠯᠦᠨ᠎ᠡ᠃ ᠡᠭᠦᠨ ᠤ ᠬᠠᠮᠲᠤ ᠨᠢᠭᠡᠨᠲᠡ ᠰᠢᠯᠵᠢᠭᠦᠯᠦᠨ ᠬᠦᠢᠴᠡᠳᠭᠡᠯᠭᠡᠭᠰᠡᠨ ᠭᠤᠮᠤᠳᠠᠯ ᠲᠤᠭᠠᠴᠢᠬᠰᠠᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠬᠤᠷᠢᠶᠠᠩᠭᠤᠶᠢᠯᠠᠵᠤ᠂ ᠠᠵᠤ ᠠᠬᠤᠶᠢᠯᠠᠯ ᠤᠨ ᠭᠤᠮᠤᠳᠠᠯ ᠲᠤᠭᠠᠴᠢᠯᠳᠠ ᠪᠠ ᠱᠠᠭᠠᠷᠳᠠᠯᠭ᠎ᠠ ᠨᠢᠬᠡᠪᠦᠷᠢ ᠳᠤ ᠴᠥᠮ ᠬᠠᠷᠢᠭᠤ ᠥᠭᠬᠦ ᠶᠢ ᠦᠨᠡᠨᠬᠦ ᠪᠠᠲᠤᠯᠠᠨ᠎ᠠ᠃      ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ︽ᠵᠢᠵᠢᠭ ᠴᠤᠩᠬᠤᠪᠴᠢ︾ ᠶᠢᠨ ︽ᠶᠡᠭᠡ ᠦᠢᠯᠡᠳᠦᠯ︾ ᠢ ᠬᠦᠢᠴᠡᠳ ᠪᠠᠳᠠᠷᠠᠭᠤᠯᠵᠤ᠂    ᠪᠠᠶᠢᠩᠭᠤᠵᠢᠭᠰᠠᠨ᠂ ᠰᠢᠰᠲ᠋ᠧᠮᠵᠢᠭᠰᠡᠨ᠂ ᠪᠥᠬᠦ ᠬᠡᠯᠬᠢᠶ᠎ᠡ ᠶᠢᠨ᠂ ᠥᠨᠳᠥᠷ ᠦᠷ᠎ᠡ ᠪᠦᠲᠦᠮᠵᠢᠲᠡᠶ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠮᠤᠳᠠᠯ ᠲᠤᠭᠠᠴᠢᠵᠤ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠤᠭᠤᠲᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠤᠯᠭᠤᠵᠤ ᠬᠡᠷᠡᠯ ᠭᠢᠯᠪᠠᠭ᠎ᠠ ᠨᠡᠮᠡᠷᠢᠯᠡᠨ᠎ᠡ᠃ ︵ᠢᠷᠡᠯᠲᠡ᠄ ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠢᠩᠬᠢᠮ   ᠨᠠᠶᠢᠷᠠᠭᠤᠯᠤᠭᠴᠢ᠄ ᠵᠣᠣ ᠶᠢᠨ ᠹᠧᠩ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号