ᠬᠥᠨᠳᠡᠯᠡᠨ ᠲᠣᠭᠤᠷᠢᠭ ᠤᠨ ᠵᠠᠰᠠᠭ ᠰᠤᠷᠭᠠᠭᠤᠯᠢ ᠠᠵᠤ ᠠᠬᠤᠶᠢᠯᠠᠯ ᠭᠤᠷᠪᠠᠨ ᠡᠳᠡᠭᠡᠳ ᠤᠨ ᠴᠤᠭᠯᠠᠭᠠᠨ ᠪᠤᠯᠪᠠ︕ ᠶᠠᠭᠤᠨ ᠳᠤ︖
ᠨᠡᠶᠢᠲᠡᠯᠡᠭᠰᠡᠨ ᠴᠠᠭ᠄
2024/4/29
     4 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠠᠶ ᠴᠤᠸᠠᠩ ᠸᠧᠶ ᠯᠠᠶ ︵ᠪᠤᠭᠤᠲᠤ︶ ᠣᠯᠠᠨ ᠤᠯᠤᠰ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠪᠤᠭᠤᠲᠤ ᠶᠢᠨ ᠴᠢᠳᠠᠪᠤᠷᠢᠲᠠᠨ ᠤ ᠰᠢᠨ᠎ᠡ ᠶᠢ ᠡᠭᠦᠳᠬᠦ ᠦᠶᠯᠡᠰ ᠪᠤᠰᠬᠠᠬᠤ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠠᠴᠠ ᠬᠦᠴᠦᠲᠡᠶ ᠳᠡᠮᠵᠢᠭᠰᠡᠨ 2024 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠲᠠ ᠶᠢ ᠨᠡᠶᠢᠲᠡᠯᠡᠬᠦ ᠬᠤᠷᠠᠯ ᠬᠢᠭᠡᠳ ᠬᠥᠨᠳᠡᠯᠡᠨ ᠲᠣᠭᠤᠷᠢᠭ ᠤᠨ ᠮᠡᠷᠭᠡᠵᠢᠯ ᠤᠨ ᠭᠡᠷ᠎ᠡ ᠶᠢ ᠳᠡᠩᠰᠡᠯᠡᠨ ᠲᠡᠮᠳᠡᠭᠯᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠪᠣᠳᠠᠲᠤ ᠠᠵᠢᠯ ᠤᠨ ᠪᠣᠯᠪᠠᠰᠤᠷᠠᠯ ᠤᠨ ᠬᠤᠷᠠᠯ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠳᠤ ᠶᠠᠪᠤᠭᠳᠠᠪᠠ᠃
     ᠪᠣᠯᠪᠠᠰᠤᠷᠠᠯ ᠤᠨ ᠬᠤᠷᠠᠯ ᠠᠴᠠ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠴᠢᠯᠡᠭᠡᠨ ᠤ ᠲᠥᠪ ᠤᠨ ᠮᠡᠷᠭᠡᠵᠢᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ ᠵᠠᠩ ᠫᠠᠨ ᠢ ᠤᠷᠢᠵᠤ ᠮᠡᠷᠭᠡᠵᠢᠯ ᠤᠨ ᠭᠡᠷ᠎ᠡ ᠶᠢᠨ ᠲᠥᠷᠥᠯ ᠠᠩᠭᠢᠯᠠᠯ᠂ ᠬᠢᠨᠡᠨ ᠲᠣᠭᠲᠠᠭᠠᠵᠤ ᠳᠡᠩᠰᠡᠯᠡᠨ ᠲᠡᠮᠳᠡᠭᠯᠡᠬᠦ ᠶᠠᠪᠤᠴᠠ ᠪᠠ ᠱᠠᠭᠠᠷᠳᠠᠯᠭ᠎ᠠ ᠵᠢᠴᠢ ᠭᠡᠷ᠎ᠡ ᠶᠢᠨ ᠭᠤᠤᠯ ᠴᠣᠭᠴᠠ ᠶᠢᠨ ᠬᠤᠶᠠᠷ ᠲᠠᠯ᠎ᠠ ᠪᠠᠷ ᠢᠶᠠᠨ ᠭᠥᠷᠳᠡᠵᠦ ᠪᠣᠯᠬᠤ ᠡᠯ᠎ᠡ ᠵᠦᠶᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠨᠠᠷᠢᠨ ᠲᠠᠶᠢᠯᠤᠮᠵᠢ ᠬᠢᠯᠭᠡᠪᠡ᠃ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠴᠢᠯᠡᠭᠡᠨ ᠤ ᠲᠥᠪ᠂ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠮᠡᠷᠭᠡᠵᠢᠯ ᠤᠨ ᠭᠡᠷ᠎ᠡ ᠶᠢ ᠳᠠᠩᠰᠠᠯᠠᠬᠤ ᠶᠠᠪᠤᠴᠠ ᠲᠤᠮᠳᠠ ᠠᠵᠤ ᠠᠬᠤᠶᠢᠯᠠᠯ ᠳᠤ ᠢᠯᠡᠷᠡᠵᠦ ᠮᠡᠳᠡᠬᠦ ᠠᠰᠠᠭᠤᠳᠠᠯ ᠤᠨ ᠲᠤᠬᠠᠶ ᠣᠯᠠᠨ ᠳᠤ ᠨᠢᠭᠡᠳ ᠨᠢᠭᠡ ᠪᠠᠷ ᠲᠤᠰᠬᠠᠶ ᠬᠠᠪᠰᠤᠷᠤᠨ ᠵᠢᠯᠣᠭᠤᠳᠣᠯᠭ᠎ᠠ ᠬᠢᠪᠠ᠃     ᠣᠶᠢᠯᠠᠭᠠᠭᠰᠠᠨ ᠢᠶᠠᠷ᠂ ᠬᠥᠨᠳᠡᠯᠡᠨ ᠲᠣᠭᠤᠷᠢᠭ ᠤᠨ ᠠᠵᠤ ᠠᠬᠤᠶᠢᠯᠠᠯ ᠨᠢ ᠮᠡᠷᠭᠡᠵᠢᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠭᠰᠠᠨ ᠤ ᠬᠤᠪᠢ ᠳᠤ ᠮᠠᠰᠢ ᠬᠥᠭᠵᠢᠶᠡᠨᠲᠡᠶ ᠪᠠᠶᠢᠵᠤ᠂ ᠮᠡᠷᠭᠡᠵᠢᠯ ᠤᠨ ᠭᠡᠷ᠎ᠡ ᠶᠢᠨ ᠲᠡᠯᠳᠡ ᠶᠢᠨ ᠬᠠᠳᠠᠭᠠᠯᠠᠬᠳᠠᠴᠠ ᠶᠢᠨ ᠬᠡᠮᠵᠢᠶ᠎ᠡ ᠮᠠᠰᠢ ᠶᠡᠭᠡ᠃ 2023 ᠣᠨ ᠳᠤ ᠬᠥᠨᠳᠡᠯᠡᠨ ᠲᠣᠭᠤᠷᠢᠭ ᠤᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ 4 ᠳ᠋ᠦᠩᠰᠢᠭᠤᠷ ᠲᠥᠭᠦᠷᠢᠭ ᠢ ᠳᠠᠪᠠᠵᠤ᠂ ᠨᠡᠮᠡᠭᠳᠡᠯ ᠤᠨ ᠬᠤᠷᠳᠤᠴᠠ ᠨᠢ ᠨᠢᠭᠡ ᠳᠠᠬᠢᠨ ᠰᠢᠬᠠᠮ ᠪᠣᠯᠪᠠ᠃ 2024 ᠣᠨ ᠤ ᠨᠢᠭᠡᠳᠦᠭᠡᠷ ᠤᠯᠠᠷᠢᠯ ᠤᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠶᠡᠷᠦᠩᠬᠡᠢ ᠬᠡᠮᠵᠢᠶ᠎ᠡ ᠨᠢᠭᠡᠨᠲᠡ ᠬᠠᠭᠠᠰ ᠳ᠋ᠦᠩᠰᠢᠭᠤᠷ ᠲᠦᠬᠦᠷᠢᠭ ᠢ ᠳᠠᠪᠠᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠨᠡᠮᠡᠭᠳᠡᠪᠡ᠃      ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠠ ᠪᠣᠳᠠᠲᠤ ᠰᠠᠭᠤᠷᠢ ᠳᠠᠭᠠᠨ ᠰᠠᠭᠤᠷᠢᠯᠠᠨ᠂ ᠠᠵᠤ ᠦᠶᠯᠡᠰ ᠤᠨ ᠪᠠᠶᠢᠷᠢᠰᠢᠭᠤᠯᠤᠯᠲᠠ ᠠᠴᠠ ᠡᠭᠦᠰᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠴᠠ ᠭᠠᠷᠲᠠᠨ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠲᠡᠮᠵᠢᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠤᠳᠠᠳᠠᠢ ᠳᠤ ᠨᠡᠶᠢᠳᠡᠪᠤᠷᠢᠵᠢᠭᠤᠯᠤᠨ ᠬᠡᠷᠡᠭᠯᠡᠬᠦ ᠪᠠ ᠥᠷᠲᠡᠭ ᠪᠤᠯᠭᠠᠨ ᠤᠨᠳᠤᠤᠰᠢᠭᠤᠯᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠪᠥᠬᠦ ᠡᠯᠧᠮᠧᠨ᠋ᠲ ᠤᠨ ᠦᠶᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠤᠭᠤᠲᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠯᠣᠭᠤᠳᠤᠮᠵᠢ ᠬᠠᠩᠭᠠᠵᠤ᠂ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃  ︵ᠢᠷᠡᠯᠲᠡ᠄  ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号