ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/4/3
   4 ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
    ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠯᠴᠠᠨ ᠰᠣᠯᠢᠯᠴᠠᠬᠤ ᠦᠭᠡ ᠬᠡᠯᠡᠵᠡᠢ᠃     ᠶᠢᠨ ᠶᠦᠩ ᠯᠢ᠂ ᠦᠨᠡᠨᠴᠢ ᠢᠲᠡᠭᠡᠮᠵᠢᠲᠡᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠤᠷᠲᠠᠯ᠂ ᠣᠷᠣᠰᠢᠨ ᠲᠣᠭᠲᠠᠨᠢᠬᠤ ᠶᠢᠨ ᠦᠨᠳᠦᠰᠦᠨ ᠪᠠᠷᠢᠮᠵᠢᠶ᠎ᠠ᠂ ᠮᠥᠨ ᠴᠦ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠲᠤ ᠰᠠᠭᠤᠷᠢ᠂ ᠨᠡᠶᠢᠭᠡᠮ ᠤᠨ ᠰᠠᠶᠢᠨ ᠰᠠᠶᠢᠬᠠᠨ ᠪᠠᠶᠢᠳᠠᠯ ᠢ ᠪᠠᠲᠤᠯᠠᠬᠤ ᠶᠢᠨ ᠰᠠᠭᠤᠷᠢ᠂    ᠨᠡᠩ ᠴᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠪᠠᠲᠤᠯᠠᠭ᠎ᠠ ᠮᠥᠨ᠃ ᠪᠦᠬᠦ ᠲᠤᠭᠤᠷᠢᠭ ᠳᠠᠶᠠᠭᠠᠷ ᠢᠶᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠡᠭᠡᠳᠦ ᠬᠡᠮᠵᠢᠶᠡᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠨᠡᠨᠴᠢ ᠢᠲᠡᠭᠡᠮᠵᠢ ᠶᠢ    ᠡᠷᠬᠢᠮᠯᠡᠬᠦ᠂ ᠢᠲᠡᠭᠡᠮᠵᠢ ᠲᠠᠢ ᠪᠠᠶᠢᠬᠤ᠂ ᠢᠲᠡᠭᠡᠯ ᠬᠦᠨᠳᠦ ᠶᠢ ᠴᠢᠬᠤᠯᠠᠴᠢᠯᠠᠬᠤ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠪᠠᠶᠢᠳᠠᠯ ᠳᠤᠤᠷ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ  ᠬᠤᠲᠠ ᠶᠢᠨ ᠳᠦᠷᠢ   ᠲᠥᠷᠬᠦ ᠶᠢ ᠢᠯᠡᠷᠡᠬᠦᠯᠬᠦ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠬᠦᠯᠬᠦ ᠴᠢᠬᠤᠯᠠ ᠴᠢᠨᠠᠷ᠂ ᠲᠤᠯᠭᠠᠮ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠢᠬᠡᠳᠭᠡᠬᠦ ᠬᠡᠷᠡᠭᠲᠡᠢ᠂ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠶ ᠢᠨᠵᠧᠨᠧᠷᠢᠩ ᠪᠤᠯᠭᠠᠨ ᠪᠠᠶᠢᠭᠤᠯᠬᠤ ᠬᠡᠷᠡᠭᠲᠡᠶ᠂ ︽ᠦᠨᠡᠨᠴᠢ ᠢᠲᠡᠭᠡᠮᠵᠢ ᠲᠠᠢ ᠬᠥᠨᠳᠡᠯᠡᠨ ᠲᠣᠭᠤᠷᠢᠭ︾ ᠤᠨ ᠠᠯᠳᠠᠨ ᠦᠰᠦᠭᠲᠦ ᠫᠠᠶᠢᠰᠠ ᠶᠢ ᠨᠡᠩ ᠠᠯᠳᠠᠷᠰᠢᠭᠤᠯᠵᠤ᠂ ᠨᠠᠩ ᠬᠡᠷᠡᠯ ᠬᠢᠯᠪᠠᠭ᠎ᠠ ᠰᠠᠴᠤᠷᠠᠭᠤᠯᠵᠤ᠂ ᠨᠠᠩ ᠣᠯᠠᠨ ᠠᠵᠤ ᠠᠬᠤᠶᠢᠯᠠᠯ ᠤᠨ ᠮᠠᠨ ᠤ ᠲᠤᠭᠤᠷᠢᠭ ᠲᠤ ᠢᠷᠡᠵᠦ ᠪᠠᠯᠠ ᠣᠷᠣᠭᠤᠯᠤᠨ ᠦᠶᠯᠡᠰ ᠪᠤᠰᠬᠠᠬᠤ ᠶᠢ ᠲᠠᠳᠠᠬᠤ ᠬᠡᠷᠡᠭᠳᠡᠢ ᠭᠡᠵᠡᠢ᠃     ᠶᠢᠨ ᠶᠦᠩ ᠯᠢ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠯᠵᠢᠶᠠᠴᠢᠨ ᠤᠷᠢᠬᠤ᠂ ᠴᠢᠳᠠᠪᠤᠷᠢᠲᠠᠨ ᠢ ᠴᠤᠬᠯᠠᠭᠤᠯᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠦᠢᠯᠡᠳᠦᠯᠭᠡᠵᠢᠭᠦᠯᠬᠦ ᠬᠡᠷᠡᠭᠲᠡᠢ᠃ ᠦᠨᠡᠨᠴᠢ ᠢᠲᠡᠭᠡᠮᠵᠢ ᠶᠢ ᠴᠢᠬᠤᠯᠠᠴᠢᠯᠠᠵᠤ ᠠᠮᠠᠯᠠᠯᠲᠠ ᠪᠠᠨ ᠬᠦᠢᠴᠡᠳᠬᠡᠬᠦ ᠶᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠴᠢᠬᠤᠯᠠ ᠨᠡᠷ᠎ᠡ ᠶᠢᠨ ᠬᠠᠭᠤᠳᠠᠰᠤ ᠪᠣᠯᠭᠠᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠴᠢᠳᠠᠪᠤᠷᠢᠲᠠᠨ ᠢ ᠤᠷᠢᠵᠤ ᠤᠶᠤᠨ ᠤᠬᠠᠭᠠᠨ ᠢ ᠣᠷᠣᠭᠤᠯᠤᠨ ᠠᠪᠴᠢᠷᠠᠬᠤ ᠴᠢᠬᠤᠯᠠ ᠤᠷᠢᠲᠠᠯ ᠨᠦᠬᠦᠴᠡᠯ ᠪᠣᠯᠭᠠᠵᠤ᠂ ᠢᠲᠡᠭᠡᠮᠵᠢ ᠪᠠᠷ ᠬᠤᠳᠠᠯᠳᠤᠭ᠎ᠠ ᠶᠢ ᠬᠦᠭᠵᠢᠬᠦᠯᠦᠨ ᠮᠠᠨᠳᠤᠭᠤᠯᠬᠤ ᠶᠠᠪᠤᠳᠠᠯ ᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠨᠡᠮᠡᠭᠳᠡᠯ ᠤᠨ ᠬᠡᠮᠵᠢᠶ᠎ᠡ ᠶᠢ ᠴᠢᠷᠮᠠᠶᠢᠨ ᠪᠤᠢ ᠪᠣᠯᠭᠠᠵᠤ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠦᠷᠢᠮ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠠᠲᠠᠭᠤ ᠬᠢᠵᠠᠭᠠᠷᠯᠠᠯ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠣᠯᠤᠨ ᠢᠲᠡᠭᠡᠮᠵᠢ ᠶᠢᠨ ᠲᠤᠬᠠᠢ ᠱᠠᠩᠨᠠᠵᠤ ᠲᠣᠷᠭᠠᠬᠤ ᠲᠦᠷᠢᠮ ᠲᠤᠬᠳᠠᠭᠠᠯ ᠢ ᠴᠢᠩᠭᠠᠳᠬᠠᠵᠤ᠂ ᠢᠲᠡᠭᠡᠮᠵᠢ ᠶᠢ ᠦᠨᠡᠯᠡᠬᠦ᠂ ᠢᠲᠡᠭᠡᠮᠵᠢ ᠶᠢ ᠲᠠᠰ ᠲᠥᠷᠥᠯ ᠬᠤᠪᠢᠶᠡᠵᠤ ᠬᠢᠨᠠᠠ ᠬᠠᠮᠢᠶᠠᠷᠬᠤ ᠵᠡᠷᠭᠡ ᠲᠦᠷᠢᠮ ᠲᠣᠭᠲᠠᠴᠠ ᠶᠢ ᠲᠦᠷᠭᠡᠳᠬᠡᠨ ᠪᠦᠷᠢᠨᠰᠢᠬᠦᠯᠵᠤ᠂ ᠲᠦᠷᠢᠮ ᠲᠣᠭᠲᠠᠭᠠᠯ ᠲᠣᠭᠲᠠᠭᠠᠬᠤ᠂ ᠱᠠᠩᠨᠠᠵᠤ ᠲᠣᠷᠭᠠᠬᠤ ᠶᠢ ᠲᠣᠳᠣᠷᠬᠠᠶᠢᠯᠠᠬᠤ᠂ ᠬᠤᠷᠢᠭ᠎ᠠ ᠱᠤᠭᠤᠮ ᠢ ᠰᠠᠬᠢᠬᠤ ᠲᠣᠭᠲᠠᠴᠠ ᠶᠢ ᠢᠳᠡᠪᠬᠢᠳᠡᠢ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠦᠨᠡᠨᠴᠢ ᠢᠲᠡᠭᠡᠮᠵᠢ ᠶᠢᠨ ᠠᠬᠢᠭᠤᠯᠬᠤ ᠬᠦᠴᠦᠨ ᠢ ᠬᠠᠩᠭᠠᠬᠤ ᠬᠡᠷᠡᠭᠲᠡᠶ ᠭᠡᠵᠡᠢ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号