ᠨᠢᠭᠡ᠂ ᠦᠵᠡᠮᠵᠢ ᠶᠢᠨ ᠤᠷᠤᠨ ᠤ ᠲᠠᠨᠢᠯᠴᠠᠭᠤᠯᠭ᠎ᠠ | 1. ᠥᠪᠥᠷ ᠮᠣᠩᠭᠤᠯ ᠤᠨ ᠬᠥᠨᠳᠡᠯᠡᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ | ᠥᠪᠥᠷ ᠮᠣᠩᠭᠤᠯ ᠤᠨ ᠬᠥᠨᠳᠡᠯᠡᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠬᠤᠶᠢᠳᠤ ᠲᠠᠯ᠎ᠠ | ᠪᠠᠷ ᠢᠶᠠᠨ ᠲᠤᠭᠤᠷ ᠤᠨ ᠲᠣᠬᠤᠶ ᠠᠴᠠ ᠡᠬᠢ ᠠᠪᠴᠤ ᠡᠮᠦᠨᠡᠰᠢ ᠪᠠᠨ ᠪᠤᠭᠤᠳᠤ ᠶᠢᠨ ᠬᠤᠲᠠ ᠶᠢᠨ ᠲᠤᠭᠤᠷᠢᠭ ᠤᠨ | 110 ᠤᠯᠤᠰ ᠤᠨ ᠵᠠᠮ ᠬᠦᠷᠴᠦ᠂ ᠪᠥᠬᠦ ᠣᠷᠳᠣ ᠨᠢ ᠪᠠᠷᠤᠭ 11 ᠺᠢᠯᠣᠮᠧᠲᠷ᠂ ᠶᠡᠷᠦᠩᠬᠡᠢ ᠲᠠᠯᠠᠪᠠᠶ ᠨᠢ | 714.93 ᠾᠧᠺᠲ᠋ᠠᠷ ᠪᠣᠯᠤᠨ᠎ᠠ᠃ ᠭᠤᠣᠯ ᠬᠤᠲᠠ ᠶᠢᠨ ᠲᠣᠭᠤᠷᠢᠭ ᠠᠴᠠ ᠵᠥᠪᠬᠡᠨ 5 ᠺᠢᠯᠣᠮᠧᠲᠷ ᠵᠠᠶᠢᠲᠠᠶ | ᠪᠠᠶᠢᠵᠤ᠂ ᠵᠠᠮ ᠬᠠᠷᠢᠯᠴᠠᠭ᠎ᠠ ᠳᠥᠭᠦᠮ ᠤᠴᠢᠷ ᠠᠴᠠ ᠬᠦᠷᠴᠦ ᠵᠢᠭᠤᠯᠴᠢᠯᠠᠨ ᠰᠡᠯᠡᠭᠦᠴᠡᠬᠦ ᠳᠤ ᠲᠤᠬᠢᠷᠠᠮᠵᠢᠲᠠᠢ | ᠪᠠᠶᠢᠳᠠᠭ᠃ | ᠨᠤᠭᠤ ᠭᠠᠵᠠᠷ ᠤᠨ ᠴᠡᠴᠡᠷᠯᠢᠭ ᠳᠣᠲᠣᠷ᠎ᠠ ᠠᠮᠢᠲᠠᠨ᠂ ᠤᠷᠭᠤᠮᠠᠯ ᠤᠨ ᠡᠬᠢ ᠪᠠᠶᠠᠯᠢᠭ ᠡᠯᠪᠡᠭ ᠪᠠᠶᠢᠵᠤ᠂ | ᠤᠰᠤᠨ ᠤ ᠲᠠᠯᠠᠪᠠᠢ ᠪᠠᠷ ᠶᠡᠭᠡ᠂ ᠤᠰᠤᠨ ᠴᠥᠭᠦᠷᠥᠮ ᠠᠴᠠ ᠮᠢᠷᠠᠯᠵᠠᠨ ᠤᠷᠤᠰᠬᠤ ᠭᠤᠤᠯ ᠮᠥᠷᠡᠨ ᠬᠦᠷᠲᠡᠯ᠎ᠡ᠂ | ᠤᠰᠤᠨ ᠤ ᠤᠷᠭᠤᠮᠠᠯ ᠬᠢᠭᠡᠳ ᠤᠰᠤ ᠲᠠᠢ ᠬᠤᠯᠪᠣᠭᠳᠠᠬᠤ᠂ ᠤᠰᠤᠨ ᠳᠤ ᠨᠠᠭᠠᠳᠬᠤ᠂ ᠤᠰᠤᠨ ᠳᠤ ᠤᠮᠪᠠᠭ᠋ᠤ | ᠨᠤᠭᠤ ᠭᠠᠵᠠᠷ ᠤᠨ ᠠᠮᠢᠲᠠᠨ ᠳᠤ ᠴᠢᠨᠠᠷ ᠰᠠᠶᠢᠲᠠᠶ ᠣᠷᠣᠰᠢᠨ ᠠᠮᠢᠳᠤᠷᠠᠬᠤ ᠭᠠᠵᠠᠷ ᠬᠠᠩᠭᠠᠵᠤ᠂ ᠨᠤᠭᠤ ᠭᠠᠵᠠᠷ ᠤᠨ | ᠥᠪᠡᠷᠮᠢᠴᠡ ᠦᠵᠡᠮᠵᠢ ᠶᠢ ᠪᠦᠷᠢᠯᠳᠦᠭᠦᠯᠵᠡᠶ᠃ | ᠥᠨᠥᠳᠦᠷ ᠤᠨ ᠬᠥᠨᠳᠡᠯᠡᠨ ᠭᠤᠣᠯ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠦᠶᠡᠷ ᠢ ᠰᠡᠷᠭᠡᠶᠢᠯᠡᠬᠦ᠂ | ᠠᠮᠢ ᠠᠬᠤᠢ᠂ ᠦᠵᠡᠮᠵᠢ᠂ ᠵᠤᠭ᠎ᠠ ᠴᠡᠩᠭᠡᠯ ᠢ ᠨᠢᠭᠡ ᠴᠤᠬᠴᠠᠵᠢᠭᠤᠯᠤᠬᠰᠠᠨ ᠬᠤᠳᠠ ᠶᠢᠨ ᠭᠤᠣᠯ ᠤᠨ ᠬᠡᠪᠡᠯᠢ ᠶᠢᠨ | ᠠᠮᠢ ᠠᠬᠤᠢ ᠶᠢᠨ ᠦᠵᠡᠮᠵᠢ ᠶᠢᠨ ᠪᠦᠰᠡ ᠶᠢ ᠪᠦᠷᠢᠯᠳᠦᠭᠦᠯᠵᠦ᠂ ᠠᠮᠢ ᠠᠬᠤᠢ ᠶᠢᠨ ᠰᠢᠰᠲ᠋ᠧᠮ ᠤᠨ ᠶᠡᠭᠡ ᠣᠷᠴᠢᠯ᠂ | ᠤᠰᠤ᠂ ᠠᠮᠢᠳᠠᠨ᠂ ᠤᠷᠭᠤᠮᠠᠯ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠮᠵᠢᠲᠤ ᠵᠢᠷᠤᠭ ᠢ | ᠪᠦᠷᠢᠯᠳᠦᠭᠦᠯᠦᠭᠰᠡᠨ ᠪᠠᠶᠢᠨ᠎ᠠ᠃ | | | 2 . ᠮᠣᠳᠣᠨ ᠬᠥᠭᠦᠷᠭᠡᠨ ᠵᠠᠮ | ᠨᠤᠭᠤ ᠭᠠᠵᠠᠷ ᠤᠨ ᠴᠡᠴᠡᠷᠯᠢᠭ ᠤᠨ ᠮᠣᠳᠣᠨ ᠬᠥᠭᠦᠷᠭᠡᠨ ᠵᠠᠮ ᠤᠨ ᠪᠦᠬᠦ ᠤᠷᠳᠤ ᠨᠢ 1124 ᠮᠧᠲᠷ | ᠪᠠᠶᠢᠵᠤ᠂ ᠰᠤᠨᠵᠢᠷᠠᠨ ᠦᠷᠬᠦᠯᠵᠢᠯᠡᠵᠦ᠂ ᠬᠥᠭᠦᠷᠭᠡᠨ ᠵᠠᠮ ᠤᠨ ᠬᠤᠶᠠᠷ ᠬᠠᠵᠠᠭᠤ ᠪᠠᠷ ᠡᠪᠡᠰᠦ ᠮᠣᠳᠣ ᠬᠥᠬᠡᠷᠡᠨ | ᠨᠣᠭᠤᠭᠠᠷᠠᠵᠤ᠂ ᠬᠤᠸᠠᠷ ᠴᠡᠴᠡᠭ ᠤᠨ ᠦᠨᠦᠷ ᠬᠠᠩᠬᠤᠯᠵᠤ᠂ ᠬᠦᠬᠦᠷᠬᠡᠨ ᠵᠠᠮ ᠢᠶᠠᠷ ᠠᠯᠬᠤᠯᠠᠨ ᠶᠠᠪᠤᠬᠤ ᠦᠶ᠎ᠡ ᠳᠤ | ᠡᠬᠡ ᠪᠠᠶᠢᠭᠠᠯᠢ ᠶᠢᠨ ᠡᠴᠢᠨ᠎ᠡ ᠭᠤᠶᠤ ᠶᠢ ᠦᠪᠡᠷ ᠤᠨ ᠡᠷᠬᠡ ᠦᠭᠡᠢ ᠪᠡᠶᠡᠴᠢᠯᠡᠨ ᠮᠡᠳᠡᠷᠡᠵᠦ ᠤᠯᠤᠨ᠎ᠠ᠃ ᠰᠥᠨᠢ | ᠪᠣᠯᠬᠤ ᠳᠤ᠂ ᠳ᠋ᠧᠩ ᠤᠨ ᠭᠡᠷᠡᠯ ᠬᠥᠭᠦᠷᠭᠡᠨ ᠵᠠᠮ ᠤᠨ ᠬᠤᠶᠠᠷ ᠲᠠᠯ᠎ᠠ ᠪᠠᠷ ᠲᠤᠸᠠᠯᠠᠨ ᠭᠡᠷᠡᠯᠲᠦᠨ᠎ᠡ᠃ ᠤᠶᠠᠬᠠᠨ | ᠮᠥᠷᠲᠡᠭᠡᠨ ᠲᠤᠯᠠᠭᠠᠬᠠᠨ ᠳ᠋ᠧᠩ ᠤᠨ ᠬᠡᠷᠡᠯ ᠨᠢ ᠶᠠᠭ ᠯᠡ ᠨᠢᠭᠡᠨ ᠠᠪᠤᠷᠭᠤ ᠯᠤᠤ ᠠᠭᠤᠯᠠᠨ ᠬᠢᠷ᠎ᠠ ᠶᠢᠨ ᠬᠤᠭᠤᠷᠣᠨᠳᠣ | ᠮᠤᠷᠤᠯᠵᠠᠨ ᠬᠦᠷᠪᠡᠯᠵᠡᠵᠦ ᠪᠠᠶᠢᠬᠤ ᠰᠢᠭ᠋ ᠵᠢᠭᠤᠯᠴᠢᠯᠠᠬᠰᠠᠳ ᠤᠨ ᠤᠷᠤᠬᠰᠢᠯᠠᠬᠤ ᠵᠠᠮ ᠢ ᠭᠡᠷᠡᠯᠲᠦᠭᠦᠯᠦᠨ᠎ᠡ᠃ ᠨᠤᠭᠤ | ᠭᠠᠵᠠᠷ ᠤᠨ ᠴᠡᠴᠡᠷᠯᠢᠭ ᠤᠨ ᠮᠣᠳᠣᠨ ᠬᠥᠭᠦᠷᠭᠡᠨ ᠵᠠᠮ ᠨᠢ ᠥᠷᠭᠡᠨ ᠣᠯᠠᠨ ᠬᠤᠲᠠ ᠶᠢᠨ ᠠᠷᠠᠳ ᠲᠤ ᠵᠤᠭᠠᠴᠠᠨ | ᠰᠡᠯᠡᠭᠦᠴᠡᠬᠦ ᠲᠤᠬᠢᠲᠠᠢ ᠭᠠᠵᠠᠷ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠬᠤᠲᠠ ᠶᠢᠨ ᠳᠣᠲᠣᠷᠠᠬᠢ ᠨᠢᠭᠡᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ ︵ᠮᠣᠳᠣᠨ ᠬᠥᠭᠦᠷᠭᠡᠨ ᠵᠠᠮ ᠤᠨ | ᠳ᠋ᠧᠩ ᠢ ᠰᠥᠨᠢ ᠪᠠᠷ ᠠᠰᠠᠭᠠᠵᠤ ᠤᠨᠲᠠᠷᠠᠭᠠᠬᠤ ᠴᠠᠭ᠄ 20᠄ 00—23᠄ 00︶ | | | ᠬᠤᠶᠠᠷ᠂ ᠵᠢᠭᠤᠯᠴᠢᠯᠠᠭᠴᠢᠳ ᠤᠨ ᠠᠩᠬᠠᠷᠬᠤ ᠵᠦᠶᠯ | 1. ᠨᠤᠭᠤ ᠭᠠᠵᠠᠷ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠵᠢᠭᠤᠯᠴᠢᠯᠠᠬᠤ | ᠵᠢᠭᠤᠯᠴᠢᠯᠠᠭᠴᠢᠳ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠥᠬᠦᠶ ᠬᠠᠤᠯᠢ ᠲᠣᠭᠲᠠᠭᠠᠯ ᠪᠠ | ᠨᠤᠭᠤ ᠭᠠᠵᠠᠷ ᠤᠨ ᠡᠯ᠎ᠡ ᠵᠦᠶᠯ ᠤᠨ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠨᠤᠭᠤ | ᠭᠠᠵᠠᠷ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯᠲᠠᠨ ᠤ | ᠬᠠᠮᠢᠶᠠᠷᠤᠯᠲᠠ ᠶᠢ ᠳᠠᠭᠠᠬᠤ ᠬᠡᠷᠡᠭᠲᠡᠶ᠃ | 2.ᠰᠢᠭᠤᠶᠢᠲᠤ ᠣᠷᠣᠨ ᠳᠤ ᠤᠷᠤᠭᠰᠠᠨ ᠤ ᠲᠠᠷᠠᠭ᠎ᠠ ︽ᠭᠠᠯ ᠢ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ︾᠂ | ᠨᠤᠭᠤ ᠭᠠᠵᠠᠷ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠸᠠᠷ ᠫᠤᠤᠵᠢᠩ ᠲᠠᠯᠪᠢᠬᠤ᠂ | ᠲᠠᠮᠠᠬᠢ ᠲᠠᠲᠠᠬᠤ᠂ ᠭᠠᠯ ᠠᠪᠬᠤ᠂ ᠢᠳᠡᠭᠡᠨ ᠰᠢᠷᠠᠬᠤ ᠶᠢ ᠡᠷᠡᠰ ᠴᠠᠭᠠᠵᠠᠯᠠᠨ᠎ᠠ᠃ | 3 .ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ᠂ ᠬᠡᠭᠡᠷ᠎ᠡ ᠶᠢᠨ ᠠᠮᠢᠲᠠᠨ ᠢ ᠭᠡᠮᠲᠦᠭᠡᠬᠦ᠂ ᠠᠩᠨᠠᠬᠤ ᠶᠢ | ᠴᠢᠩᠭ᠎ᠠ ᠴᠠᠭᠠᠵᠠᠯᠠᠵᠤ᠂ ᠬᠡᠭᠡᠷ᠎ᠡ ᠶᠢᠨ ᠤᠷᠭᠤᠮᠠᠯ ᠲᠡᠭᠦᠬᠦ ᠶᠢ ᠴᠠᠭᠠᠵᠠᠯᠠᠨ᠎ᠠ᠃ | 4. ᠠᠮᠤᠷ ᠲᠦᠪᠰᠢᠨ ᠢ ᠠᠩᠬᠠᠷᠤᠭᠠᠷᠠᠢ᠂ ᠮᠤᠳᠤ ᠵᠢᠴᠢ ᠮᠣᠳᠣᠨ ᠬᠥᠭᠦᠷᠭᠡᠨ ᠵᠠᠮ ᠤᠨ ᠬᠠᠯᠬᠠᠪᠴᠢ | ᠬᠡᠷᠡᠰᠬᠡ ᠪᠠᠷ ᠠᠪᠠᠷᠢᠵᠤ ᠲᠦᠰᠢᠵᠤ ᠪᠣᠯᠬᠤ ᠥᠬᠡᠶ᠂ ᠠᠳᠡᠯ ᠭᠠᠷᠬᠤ ᠠᠴᠠ ᠵᠠᠶᠢᠯᠠᠰᠭᠢᠭᠡᠷᠡᠢ᠃ | 5.ᠲᠣᠭᠤᠷᠢᠨ ᠦᠵᠡᠬᠦ ᠲᠦᠭᠦᠭᠡᠷᠦᠮᠵᠢ ᠶᠢ ᠬᠠᠶᠢᠷᠠᠯᠠᠵᠤ᠂ ᠬᠠᠮᠢᠭ᠎ᠠ ᠴᠤ ᠭᠡᠳ ᠳᠤᠷ᠎ᠠ ᠪᠠᠷ ᠢᠶᠠᠨ ᠰᠡᠶᠢᠯᠵᠦ | ᠵᠢᠷᠤᠵᠤ ᠬᠤᠭᠤᠯᠵᠤ ᠮᠠᠯᠳᠠᠵᠤ ᠪᠣᠯᠬᠤ ᠦᠭᠡᠶ᠃ | 6.ᠨᠤᠭᠤ ᠭᠠᠵᠠᠷ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠴᠡᠪᠡᠷ ᠲᠡᠭᠰᠢ | ᠣᠷᠴᠢᠨ ᠲᠣᠭᠤᠷᠢᠨ ᠢ ᠬᠠᠮᠠᠭᠠᠯᠠᠵᠤ᠂ ᠬᠥᠭᠦᠷᠭᠡᠨ ᠵᠠᠮ ᠤᠨ ᠬᠠᠵᠠᠭᠤ ᠪᠠᠷ ᠳᠤᠷ᠎ᠠ ᠪᠠᠷ ᠢᠶᠠᠨ ᠬᠤᠭ ᠨᠣᠪᠰᠢ ᠬᠠᠶᠠᠵᠤ | ᠪᠣᠯᠬᠤ ᠥᠬᠡᠶ᠂ ᠬᠠᠶᠠᠭᠳᠠᠮᠠᠯ ᠪᠣᠳᠠᠰ ᠢ ᠬᠤᠭ ᠨᠣᠪᠰᠢ ᠶᠢᠨ ᠬᠠᠶᠢᠷᠴᠠᠭ ᠲᠤ ᠬᠠᠶᠠᠭᠠᠷᠠᠢ᠃ | 7. ᠨᠤᠭᠤ ᠭᠠᠵᠠᠷ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠮᠬᠢ ᠳᠢᠭᠯᠢᠮ ᠢ | ᠤᠬᠠᠮᠰᠠᠷ ᠠᠴᠠ ᠪᠠᠨ ᠬᠠᠮᠠᠭᠠᠯᠠᠵᠤ᠂ ᠢᠪᠴᠤᠤ᠂ ᠠᠶᠤᠯᠲᠠᠶ ᠵᠠᠮ ᠤᠨ ᠬᠡᠰᠡᠭ ᠲᠤ ᠬᠠᠷᠢᠯᠴᠠᠨ ᠨᠠᠶᠢᠷ ᠲᠠᠯᠪᠢᠭᠠᠷᠠᠶ᠃ | 8. ᠨᠤᠭᠤ ᠭᠠᠵᠠᠷ ᠤᠨ ᠴᠡᠴᠡᠷᠯᠢᠭ ᠤᠨ ᠤᠰᠤᠨ ᠤ ᠭᠦᠨ ᠨᠢ 2 ᠮᠧᠲᠷ ᠪᠠᠶᠢᠵᠤ᠂ ᠨᠠᠭᠤᠷ ᠤᠨ | ᠬᠥᠪᠡᠭᠡᠨ ᠳᠤ ᠤᠮᠪᠠᠭ᠋ᠤ᠂ ᠨᠠᠭᠠᠳᠬᠤ᠂ ᠲᠤᠭᠯᠠᠬᠤ᠂ ᠵᠢᠭᠠᠰᠤ ᠭᠦᠬᠢᠳᠡᠬᠦ ᠵᠡᠷᠭᠡ ᠶᠢ ᠴᠢᠩᠭ᠎ᠠ ᠴᠠᠭᠠᠵᠠᠯᠠᠵᠤ᠂ | ᠤᠰᠤᠨ ᠳᠤ ᠠᠳᠡᠬᠦ ᠵᠡᠷᠭᠡ ᠰᠠᠨᠠᠭᠠᠨ ᠳᠤ ᠥᠬᠡᠶ ᠠᠳᠡᠯ ᠭᠠᠷᠬᠤ ᠠᠴᠠ ᠵᠠᠶᠢᠯᠠᠰᠬᠢᠵᠦ᠂ ᠠᠮᠢ ᠨᠠᠰᠤ ᠪᠠ ᠡᠳ᠋ | ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠬᠦ ᠡᠯ᠎ᠡ ᠵᠦᠶᠯ ᠤᠨ ᠬᠡᠷᠡᠭ ᠡᠭᠦᠰᠬᠦ ᠶᠢ ᠰᠡᠷᠭᠡᠶᠢᠯᠡᠭᠡᠷᠡᠢ᠃ |