5 ᠰᠠᠷ᠎ᠠ ᠶᠢᠨ 9 ᠤ ᠡᠳᠦᠷ ᠤᠨ ︽ᠥᠪᠥᠷ ᠮᠣᠩᠭᠤᠯ ᠤᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠄ ︿ᠣᠶᠤᠨᠴᠢ ᠲᠠᠷᠢᠶᠠᠯᠠᠩ﹀ ᠬᠠᠪᠤᠷ ᠤᠨ ᠠᠷᠢᠭᠤᠨ ᠬᠦᠳᠡᠯᠮᠦᠷᠢ ᠨᠠᠮᠤᠷ ᠤᠨ ᠡᠯᠪᠡᠭ ᠬᠤᠷᠢᠶᠠᠯᠲᠠ ᠶᠢ ᠵᠢᠷᠤᠭᠯᠠᠨ᠎ᠠ︾ ᠬᠡᠬᠦ ᠮᠡᠳᠡᠬᠡᠯᠡᠯ ᠠᠷᠠᠳ ᠤᠨ ᠰᠦᠯᠵᠢᠶ᠎ᠡ ᠪᠠᠷ ᠮᠡᠳᠡᠭᠡᠯᠡᠭᠳᠡᠨ ᠲᠠᠮᠵᠢᠭᠤᠯᠤᠬᠳᠠᠪᠠ
ᠨᠡᠶᠢᠲᠡᠯᠡᠭᠰᠡᠨ ᠴᠠᠭ᠄
2024/5/10
     ᠣᠶᠢᠷ᠎ᠠ ᠶᠢᠨ ᠵᠢᠯ ᠳᠤ᠂ ᠬᠥᠨᠳᠡᠯᠡᠨ ᠲᠣᠭᠤᠷᠢᠭ ᠥᠪᠥᠷ ᠮᠣᠩᠭᠤᠯ ᠤᠨ ᠰᠠᠨ ᠺᠧ ᠶᠠᠩ ᠲᠠᠷᠢᠶᠠᠴᠢᠳ ᠤᠨ ᠳᠠᠷᠢᠵᠤ ᠲᠡᠵᠢᠭᠡᠬᠦ ᠲᠤᠰᠬᠠᠶ ᠬᠤᠷᠰᠢᠶ᠎ᠠ ᠶᠢ ᠣᠷᠣᠭᠤᠯᠤᠨ ᠠᠪᠴᠢᠷᠠᠵᠤ᠂ 300 ᠮᠥ ᠶᠢᠨ 58 ᠰᠠᠭᠤᠷᠢ ᠬᠠᠭᠤᠴᠢᠨ ᠬᠦᠯᠡᠮᠵᠢ ᠳᠤ ᠰᠠᠭᠤᠷᠢ ᠲᠥᠬᠦᠭᠡᠷᠦᠮᠵᠢ ᠶᠢ ᠰᠢᠨᠡᠳᠬᠡᠬᠦ ᠥᠭᠡᠷᠡᠴᠢᠯᠡᠯᠲᠡ ᠬᠢᠵᠦ᠂ 10 ᠭᠠᠷᠤᠶ ᠵᠦᠶᠯ ᠤᠨ ᠤᠨᠴᠠᠯᠢᠭᠳᠤ ᠡᠭᠦᠯᠳᠡᠷ ᠢ ᠣᠷᠣᠭᠤᠯᠤᠨ ᠠᠪᠴᠢᠷᠠᠵᠠᠶ᠃ ᠡᠷᠳᠡᠨᠢ ᠰᠢᠰᠢ ᠶᠢ ᠨᠢᠭᠲᠠ ᠲᠠᠷᠢᠬᠤ ᠪᠠ ᠥᠨᠳᠥᠷ ᠤᠨᠠᠯᠲᠠ ᠤᠯᠬᠤ ᠨᠠᠷᠢᠯᠢᠭ ᠣᠨᠣᠪᠴᠢᠲᠠᠢ ᠲᠤᠬᠢᠷᠠᠭᠤᠯᠤᠨ ᠡᠵᠡᠮᠳᠡᠬᠦ ᠮᠡᠷᠭᠡᠵᠢᠯ ᠢ ᠦᠷᠭᠦᠯᠵᠢᠯᠡᠨ ᠰᠠᠶᠢᠵᠢᠷᠠᠭᠤᠯᠵᠤ᠂ ᠨᠠᠩᠭᠤᠸᠠ ᠶᠢᠨ 5 ᠰᠢᠨ᠎ᠡ ᠡᠬᠦᠯᠳᠡᠷ ᠢ ᠳᠡᠯᠭᠡᠷᠡᠭᠦᠯᠵᠦ᠂ ᠣᠷᠣᠰ ᠰᠣᠩᠭᠢᠨ᠎ᠠ ᠶᠢᠨ 1 ᠡᠬᠦᠯᠳᠡᠷ ᠢ ᠲᠡᠷᠢᠵᠤ ᠤᠷᠭᠤᠭᠤᠯᠤᠨ ᠪᠦᠬᠦ ᠤᠯᠤᠰ ᠤᠨ ᠵᠠᠬ᠎ᠠ ᠳᠡᠯᠭᠡᠭᠦᠷ ᠲᠤ ᠭᠠᠷᠭᠠᠪᠠ᠃ ᠤᠳᠤ ᠪᠠᠶᠢᠭ᠎ᠠ ᠤᠯᠤᠰ ᠤᠨ ᠲᠠᠰ ᠤᠨ ᠲᠠᠭᠠᠭᠤᠯᠤᠬᠴᠢ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠭᠠᠭᠤᠯᠤᠬᠴᠢ ᠠᠵᠤ ᠠᠬᠤᠶᠢᠯᠠᠯ 8᠂ ᠬᠤᠲᠠ ᠶᠢᠨ ᠲᠠᠰ ᠤᠨ ᠲᠠᠭᠠᠭᠤᠯᠤᠬᠴᠢ ᠠᠵᠤ ᠠᠬᠤᠶᠢᠯᠠᠯ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠴᠢᠨ ᠤ ᠬᠤᠷᠰᠢᠶ᠎ᠠ 1 ᠪᠣᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号