︽ᠬᠥᠨᠳᠡᠯᠡᠨ ᠲᠣᠭᠤᠷᠢᠭ ᠤᠨ ᠬᠤᠲᠠ ᠪᠠᠯᠭᠠᠰᠤᠨ ᠤ ᠢᠯᠴᠢ ᠬᠠᠩᠭᠠᠬᠤ ︿ᠲᠤᠯᠠᠭᠠᠯᠠᠭ᠎ᠠ ᠶᠢᠨ ᠢᠨᠵᠧᠨᠧᠷᠢᠩ﹀ ᠢ | ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | | | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠷᠬᠠᠭᠠᠪᠠ ﹇2024﹈ 6 | ᠳ᠋ᠤᠭᠠᠷ ᠲᠣᠭᠠᠲᠤ | | ᠡᠯ᠎ᠡ ᠬᠠᠮᠢᠶ᠎ᠠ ᠪᠥᠬᠦᠶ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠳᠤ᠄ | ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠥᠨᠳᠡᠯᠡᠨ ᠲᠣᠭᠤᠷᠢᠭ ᠤᠨ | ᠬᠤᠲᠠ ᠪᠠᠯᠭᠠᠰᠤᠨ ᠤ ᠢᠯᠴᠢ ᠬᠠᠩᠭᠠᠬᠤ ︿ᠲᠤᠯᠠᠭᠠᠯᠠᠭ᠎ᠠ ᠶᠢᠨ ᠢᠨᠵᠧᠨᠧᠷᠢᠩ﹀ ᠢ ᠬᠡᠷᠡᠭᠵᠢᠭᠦᠯᠬᠦ ᠲᠥᠰᠦᠯ︾ ᠢ | ᠲᠠᠨ ᠤ ᠨᠢᠭᠡᠴᠢ ᠳᠤ ᠳᠠᠷᠤᠮᠠᠯᠯᠠᠨ ᠶᠠᠪᠤᠭᠤᠯᠤᠯ᠎ᠠ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠴᠢᠩᠭ᠎ᠠ ᠠᠳᠬᠤᠵᠤ | ᠰᠠᠶᠢᠳᠤᠷ ᠨᠠᠶᠢᠳᠠᠪᠤᠷᠢᠵᠢᠭᠤᠯᠳᠤᠭᠠᠢ᠃ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2024 ᠣᠨ ᠤ 4 ᠰᠠᠷ᠎ᠠ ᠶᠢᠨ 2 ᠤᠨ ᠡᠳᠦᠷ | | | ᠬᠥᠨᠳᠡᠯᠡᠨ ᠲᠣᠭᠤᠷᠢᠭ ᠤᠨ ᠬᠤᠲᠠ ᠪᠠᠯᠭᠠᠰᠤᠨ ᠤ ᠢᠯᠴᠢ ᠬᠠᠩᠭᠠᠬᠤ ︽ᠲᠤᠯᠠᠭᠠᠯᠠᠭ᠎ᠠ ᠶᠢᠨ ᠢᠨᠵᠧᠨᠧᠷᠢᠩ︾ ᠢ | ᠬᠡᠷᠡᠭᠵᠢᠭᠦᠯᠬᠦ ᠲᠥᠰᠦᠯ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠳᠣᠯᠣᠳᠤᠭᠠᠷ ᠪᠥᠬᠦᠳᠡ ᠬᠤᠷᠠᠯ ᠤᠨ ᠲᠤᠯᠠᠭᠠᠯᠠᠭ᠎ᠠ ᠶᠢᠨ ᠢᠨᠵᠧᠨᠧᠷᠢᠩ ᠢ ᠭᠦᠨᠵᠡᠭᠡᠶ ᠬᠢᠵᠦ ᠪᠣᠳᠠᠳᠠᠢ ᠬᠢᠬᠦ ᠲᠤᠬᠠᠶ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠤᠭᠤᠲᠤ | ᠬᠤᠲᠠ ᠶᠢᠨ ︿ᠲᠤᠯᠠᠭᠠᠯᠠᠭ᠎ᠠ ᠶᠢᠨ ᠢᠨᠵᠧᠨᠧᠷᠢᠩ﹀ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠤᠭᠤᠲᠤ ᠬᠤᠳᠠ ᠶᠢᠨ ᠵᠠᠰᠠᠭ ᠤᠨ | ᠤᠷᠳᠤᠨ ᠲᠠᠷᠬᠠᠭᠠᠪᠠ ﹇2024﹈ 6 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ᠂ ᠮᠠᠨ ᠤ ᠲᠤᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ᠂ ᠲᠤᠯᠠᠭᠠᠯᠠᠬᠤ ᠶᠠᠪᠤᠴᠠ ᠳᠠᠬᠢ | ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ ᠲᠦᠪᠯᠡᠷᠡᠯ | ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠢ ᠪᠥᠬᠦ ᠲᠠᠯ᠎ᠠ ᠪᠠᠷ ᠪᠠᠬᠢᠵᠢᠭᠦᠯᠦᠨ | ᠳᠡᠭᠡᠭᠰᠢᠯᠡᠭᠦᠯᠵᠦ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠶᠢᠨ ᠲᠦᠯᠦᠬᠡ᠂ | ᠮᠠᠨ ᠤ ᠲᠤᠭᠤᠷᠢᠭ ᠤᠨ ᠢᠯᠴᠢ ᠬᠠᠩᠭᠠᠵᠤ ᠪᠠᠶᠢᠭ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ︽ᠪᠠᠲᠤᠯᠠᠵᠤ᠂ | ᠣᠨᠣᠪᠴᠢᠲᠠᠶ ᠪᠠᠲᠤᠯᠠᠵᠤ᠂ ᠪᠠᠲᠤ ᠰᠠᠬᠢᠬᠤ︾ ᠬᠡᠷᠡᠭᠲᠡᠶ᠃ ᠮᠠᠨ ᠤ ᠲᠤᠭᠤᠷᠢᠭ ᠤᠨ ᠢᠯᠴᠢ ᠬᠠᠩᠭᠠᠬᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ ᠳᠡᠭᠡᠭᠰᠢᠯᠡᠭᠦᠯᠬᠦ ᠪᠠᠷ ᠭᠤᠤᠯ ᠰᠡᠳᠦᠪ ᠪᠣᠯᠭᠠᠵᠤ᠂ ᠠᠷᠠᠳ ᠤᠨ | ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠭᠤᠤᠯᠳᠠᠯᠭ᠎ᠠ ᠲᠠᠢ ᠲᠥᠷᠥᠯ | ᠵᠦᠶᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠥᠩᠭᠡᠨ | ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ︾ ᠵᠠᠷᠴᠢᠮ | ᠶᠣᠰᠣᠭᠠᠷ᠂ ᠢᠯᠴᠢ ᠬᠠᠩᠭᠠᠬᠤ ᠶᠢ ᠪᠠᠲᠤᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ | ᠬᠢᠵᠦ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ᠣᠯᠠᠨ ᠲᠦᠮᠡᠨ ᠤ ︽ᠵᠣᠯ ᠵᠢᠷᠭᠠᠯ ᠤᠨ ᠲᠠᠩᠰᠠ︾ | ᠪᠤᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | ᠣᠶᠢᠷ᠎ᠠ ᠶᠢᠨ ᠵᠢᠯ ᠤᠨ ᠲᠤᠷᠰᠢ ᠮᠠᠨ ᠤ ᠲᠤᠭᠤᠷᠢᠭ ᠤᠨ ᠢᠯᠴᠢ ᠬᠠᠩᠭᠠᠬᠤ ᠶᠠᠰᠤ ᠴᠢᠨᠠᠷ ᠢ ᠬᠦᠨᠳᠦ ᠨᠣᠴᠢᠲᠠᠶ | ᠬᠠᠷᠰᠢᠯᠠᠵᠤ ᠪᠠᠶᠢᠭ᠎ᠠ ᠨᠥᠯᠥᠭᠡᠯᠡᠵᠦ ᠪᠠᠶᠢᠭ᠎ᠠ ᠵᠥᠷᠢᠴᠡᠯ ᠬᠢᠭᠡᠳ ᠳᠤᠲᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ | ᠣᠶᠢᠯᠠᠭᠠᠵᠤ ᠴᠡᠭᠴᠡᠯᠡᠨ ᠵᠠᠰᠠᠵᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠬᠤᠭᠤᠴᠠᠭᠠᠨ ᠳᠤ ᠡᠭᠦᠰᠦᠭᠰᠡᠨ | ᠠᠳᠠᠯᠢ ᠲᠥᠷᠥᠯ ᠪᠦᠬᠦᠢ ᠢᠯᠴᠢ ᠬᠠᠩᠭᠠᠬᠤ᠂ ᠢᠯᠴᠢ ᠬᠡᠷᠡᠭᠯᠡᠬᠦ ᠠᠰᠠᠭᠤᠳᠠᠯ ᠢ ᠤᠯᠠᠮ ᠨᠢᠭᠡ ᠠᠯᠬᠤᠮ ᠪᠠᠶᠢᠴᠠᠭᠠᠨ | ᠭᠠᠷᠭᠠᠵᠤ ᠠᠷᠢᠯᠭᠠᠨ ᠰᠢᠢᠳᠪᠦᠷᠢᠯᠡᠵᠦ᠂ ᠠᠰᠠᠭᠤᠳᠠᠯ ᠢ ᠴᠡᠭᠴᠡᠯᠡᠨ ᠵᠠᠰᠠᠬᠤ ᠪᠠᠷ ᠬᠠᠷᠠᠯᠲᠠ ᠪᠣᠯᠭᠠᠵᠤ᠂ ᠶᠠᠰᠤ | ᠴᠢᠨᠠᠷ ᠢ ᠳᠡᠭᠡᠭᠰᠢᠯᠡᠭᠦᠯᠬᠦ ᠪᠠᠷ ᠴᠢᠭᠯᠡᠯ ᠪᠣᠯᠭᠠᠨ᠂ ᠤᠨᠢᠨ ᠲᠡᠭᠡᠷ᠎ᠡ ᠨᠢ ᠢᠯᠴᠢ ᠬᠠᠩᠭᠠᠬᠤ᠂ ᠬᠡᠷᠡᠭᠴᠡᠭᠡ ᠶᠣᠰᠣᠭᠠᠷ | ᠢᠯᠴᠢ ᠬᠠᠩᠭᠠᠬᠤ ᠰᠢᠨ᠎ᠡ ᠬᠡᠯᠪᠡᠷᠢ ᠶᠢᠨ ᠤᠶᠤᠨᠴᠢ ᠢᠯᠴᠢ ᠬᠠᠩᠭᠠᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ | ᠮᠠᠨ ᠤ ᠲᠤᠭᠤᠷᠢᠭ ᠤᠨ ᠬᠤᠲᠠ ᠪᠠᠯᠭᠠᠰᠤ ᠶᠢᠨ ᠢᠯᠴᠢ ᠬᠠᠩᠭᠠᠬᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠨ᠎ᠠ᠃ | ᠭᠤᠷᠪᠠ᠂ ᠥᠭᠡᠷᠡᠴᠢᠯᠠᠨ ᠪᠠᠶᠢᠭᠤᠯᠬᠤ ᠲᠥᠯᠥᠪᠯᠡᠭᠡ | ᠳᠤᠯᠠᠭᠠᠯᠭ᠎ᠠ ᠶᠢᠨ ᠬᠤᠶᠠᠳᠠᠬᠢ ᠬᠤᠭᠤᠯᠠᠶ ᠶᠢᠨ ᠲᠤᠤᠷ᠂ ᠠᠰᠠᠷ ᠤᠨ ᠭᠤᠳᠤᠮᠵᠢ ᠶᠢᠨ ᠪᠣᠰᠤᠭ᠎ᠠ ᠬᠤᠭᠤᠯᠠᠶ᠂ | ᠨᠡᠭᠡᠯᠡᠬᠡᠶ ᠨᠡᠭᠡᠯᠡᠬᠡᠶ ᠶᠢᠨ ᠬᠤᠳᠳᠤᠭ ᠵᠡᠷᠭᠡ ᠳᠤᠯᠠᠭᠠᠯᠭ᠎ᠠ ᠶᠢᠨ ᠲᠤᠨᠤᠭ ᠲᠦᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠳᠤ ᠬᠤᠯᠪᠣᠭᠳᠠᠭᠰᠠᠨ ᠬᠤᠷᠢᠶᠠᠯᠠᠯ ᠨᠡᠶᠢᠲᠡ 162᠂ 421.8 ᠺᠢᠯᠣᠮᠧᠲᠷ ᠪᠠᠶᠢᠵᠤ᠂ ᠶᠡᠷᠦᠩᠬᠡᠶ | ᠪᠠᠯᠠ ᠣᠷᠣᠭᠤᠯᠤᠯᠲᠠ ᠪᠠᠷᠤᠭ 36604 ᠲᠦᠮᠡᠨ ᠲᠥᠭᠦᠷᠢᠭ ᠲᠤ ᠬᠦᠷᠦᠨ᠎ᠡ᠂ ᠡᠭᠦᠨ ᠳᠤ ᠪᠤᠭᠤᠲᠤ ᠶᠢᠨ ᠪᠣᠯᠣᠳ | ᠲᠡᠮᠦᠷ ᠤᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠤᠷᠤᠨ ᠪᠦᠰᠡ ᠶᠢ ᠪᠤᠭᠤᠲᠤ ᠶᠢᠨ ᠪᠣᠯᠣᠳ | ᠲᠡᠮᠦᠷ ᠤᠨ ᠬᠡᠷ ᠬᠥᠷᠥᠩᠭᠡ ᠶᠢᠨ ᠠᠳᠠᠯ ᠠᠬᠤᠶ ᠶᠢᠨ ᠬᠠᠮᠢᠶᠠᠷᠤᠯᠳᠠ ᠶᠢᠨ ᠪᠦᠯᠦᠭᠯᠡᠯᠲᠦ ᠺᠣᠮᠫᠠᠨᠢ ᠠᠴᠠ ᠤᠷᠢᠳ ᠢᠶᠠᠷ | ᠪᠠᠯᠠ ᠮᠦᠩᠬᠦ ᠭᠠᠷᠭᠠᠵᠤ ᠬᠡᠷᠡᠭᠵᠢᠭᠦᠯᠦᠨ᠎ᠡ᠃ ᠢᠯᠴᠢ ᠡᠭᠦᠰᠭᠡᠭᠴᠢ᠂ ᠠᠩᠬᠠᠨ ᠤ ᠬᠤᠭᠤᠯᠠᠢ ᠶᠢᠨ ᠲᠤᠤᠷ᠂ ᠢᠯᠴᠢ | ᠰᠣᠯᠢᠬᠤ ᠥᠷᠲᠡᠭᠡ ᠶᠢᠨ ᠥᠭᠡᠷᠡᠴᠢᠯᠡᠯᠲᠡ ᠶᠢ ᠭᠤᠤᠯᠳᠠᠭᠤ ᠠᠵᠤ ᠠᠬᠤᠶᠢᠯᠠᠯ ᠤᠨ ᠥᠪᠡᠰᠦᠪᠡᠨ ᠴᠤᠭᠯᠠᠭᠤᠯᠬᠤ᠂ | ᠳᠡᠭᠡᠳᠦ ᠱᠠᠲᠤᠨ ᠤ ᠱᠠᠩᠨᠠᠯ ᠪᠠ ᠨᠥᠬᠦᠪᠥᠷᠢ ᠶᠢᠨ ᠪᠠᠯᠠ ᠮᠥᠩᠭᠦ ᠶᠢ ᠲᠡᠮᠡᠴᠡᠨ ᠤᠯᠬᠤ ᠬᠡᠯᠪᠡᠷᠢ ᠪᠠᠷ | ᠶᠠᠪᠤᠭᠳᠠᠭᠤᠯᠵᠤ᠂ ᠨᠡᠶᠢᠲᠡ 8972.8 ᠲᠦᠮᠡᠨ ᠲᠥᠭᠦᠷᠢᠭ ᠬᠡᠷᠡᠭᠯᠡᠬᠦ ᠪᠣᠯᠤᠨ᠎ᠠ᠃ 2024 ᠣᠨ ᠳᠤ ᠪᠠᠷᠤᠭ | 4055 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 48 ᠬᠤᠷᠢᠶᠠᠯᠠᠯ᠂ 120.8 | ᠺᠢᠯᠣᠮᠧᠲᠷ ᠲᠤ ᠦᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠦᠨ᠎ᠡ︔ ᠠᠵᠤ ᠠᠬᠤᠶᠢᠯᠠᠯ 8972.8 ᠲᠦᠮᠡᠨ | ᠲᠥᠭᠦᠷᠢᠭ ᠤᠨ ᠪᠠᠯᠠ ᠣᠷᠣᠭᠤᠯᠵᠤ᠂ 18.7 ᠺᠢᠯᠣᠮᠧᠲᠷ ᠲᠤ ᠦᠬᠡᠷᠡᠴᠢᠯᠡᠨ ᠵᠠᠰᠠᠬᠤ ᠶᠢ ᠬᠡᠷᠡᠭᠵᠢᠬᠦᠯᠵᠦ᠂ 19 | ᠰᠠᠭᠤᠷᠢ ᠢᠯᠴᠢ ᠰᠣᠯᠢᠬᠤ ᠥᠷᠲᠡᠭᠡ᠂ ᠢᠯᠴᠢ ᠡᠭᠦᠰᠭᠡᠭᠴᠢ ᠶᠢᠨ ᠮᠠᠰᠢᠨ ᠴᠣᠭᠴᠠᠯᠠᠪᠤᠷᠢ ᠶᠢ ᠪᠠᠶᠢᠴᠠᠭᠠᠨ ᠰᠡᠯᠪᠢᠨ | ᠵᠠᠰᠠᠬᠤ ᠶᠢ ᠬᠡᠷᠡᠭᠵᠢᠭᠦᠯᠦᠨ᠎ᠡ᠃ 2024 ᠣᠨ — 2025 ᠣᠨ ᠳᠤ᠂ ᠳᠡᠭᠡᠳᠦ ᠱᠠᠲᠤᠨ ᠤ ᠲᠤᠰᠬᠠᠶ ᠪᠠᠯᠠ | ᠮᠥᠩᠭᠦ ᠶᠢ ᠪᠤᠳᠠᠳᠠᠢ ᠳᠤ ᠨᠠᠶᠢᠳᠠᠪᠤᠷᠢᠵᠢᠭᠤᠯᠤᠬᠰᠠᠨ ᠪᠠᠶᠢᠳᠠᠯ ᠢ ᠦᠨᠳᠦᠰᠦᠯᠡᠨ᠂ ︽ᠬᠦᠨᠳᠦ ᠬᠥᠩᠭᠡᠨ ᠠᠯᠭᠤᠷ | ᠪᠠᠴᠢᠮ ᠬᠢᠬᠦ︾ ᠵᠡᠷᠬᠡ ᠪᠠᠷ ᠲᠥᠷᠥᠯ ᠬᠤᠪᠢᠶᠠᠨ ᠪᠦᠯᠦᠭ ᠬᠤᠪᠢᠶᠠᠨ ᠦᠯᠡᠳᠡᠭᠰᠡᠨ 114 ᠬᠤᠷᠢᠶᠠᠯᠠᠯ᠂ 301 | ᠺᠢᠯᠣᠮᠧᠲᠷ ᠲᠤ ᠥᠭᠡᠷᠡᠴᠢᠯᠡᠨ ᠰᠢᠨᠡᠳᠬᠡᠬᠦ ᠠᠵᠢᠯ ᠢ ᠥᠷᠨᠢᠭᠦᠯᠦᠨ᠎ᠡ᠃ | ᠳᠥᠷᠪᠡ᠂ ᠵᠣᠬᠢᠶᠠᠨ ᠪᠠᠶᠢᠭᠤᠯᠬᠤ ᠪᠠᠶᠢᠭᠤᠯᠤᠮᠵᠢ | ᠲᠣᠰ ᠤᠳᠠᠭᠠᠨ ᠤ ᠬᠤᠲᠠ ᠪᠠᠯᠭᠠᠰᠤᠨ ᠤ ᠢᠯᠴᠢ ᠬᠠᠩᠭᠠᠬᠤ ︽ᠲᠤᠯᠠᠭᠠᠯᠠᠭ᠎ᠠ ᠶᠢᠨ ᠢᠨᠵᠧᠨᠧᠷᠢᠩ︾ ᠢ | ᠥᠨᠳᠥᠷ ᠪᠦᠲᠦᠮᠵᠢᠲᠡᠶ ᠥᠷᠨᠢᠭᠦᠯᠬᠦ ᠶᠢ ᠪᠠᠲᠤᠯᠠᠵᠤ᠂ ᠠᠷᠠᠳ ᠣᠯᠠᠨ ᠤ ᠠᠶᠤᠯᠭᠦᠶ ᠪᠠᠷ ᠢᠯᠴᠢ ᠬᠡᠷᠡᠭᠯᠡᠬᠦ᠂ ᠢᠯᠴᠢ | ᠬᠠᠩᠭᠠᠬᠤ ᠠᠵᠤ ᠠᠬᠤᠶᠢᠯᠠᠯ ᠤᠨ ᠲᠣᠭᠲᠠᠭᠤᠨ ᠢᠶᠠᠷ ᠢᠯᠴᠢ ᠬᠠᠩᠭᠠᠬᠤ ᠶᠢ ᠬᠠᠷᠰᠢᠯᠠᠵᠤ ᠪᠠᠶᠢᠭ᠎ᠠ ᠠᠰᠠᠭᠤᠳᠠᠯ ᠢ | ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠮᠠᠨ ᠤ ᠲᠤᠭᠤᠷᠢᠭ ᠤᠨ ᠲᠥᠪᠯᠡᠷᠡᠬᠦᠯᠦᠨ ᠢᠯᠴᠢ ᠬᠠᠩᠭᠠᠬᠤ ᠶᠠᠰᠤ | ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠣᠨᠴᠠᠭᠠᠶᠢᠯᠠᠨ ᠬᠥᠨᠳᠡᠯᠡᠨ ᠲᠣᠭᠤᠷᠢᠭ ᠤᠨ ᠬᠤᠲᠠ | ᠪᠠᠯᠭᠠᠰᠤᠨ ᠤ ᠢᠯᠴᠢ ᠬᠠᠩᠭᠠᠬᠤ ︽ᠲᠤᠯᠠᠭᠠᠯᠠᠭ᠎ᠠ ᠶᠢᠨ ᠢᠨᠵᠧᠨᠧᠷᠢᠩ︾ ᠤᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠪᠠ᠂ ᠪᠣᠳᠠᠲᠠᠶ ᠨᠡᠷᠡᠰ ᠨᠢ ᠳᠤᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠢᠦᠶ ᠵᠠᠨ ᠵᠢᠶᠠᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ ᠄ ᠶᠠᠩ ᠶᠦᠩ ᠲᠣᠭᠤᠷᠢᠭ ᠤᠨ ᠳᠡᠳ᠋ ᠳᠠᠷᠤᠭ᠎ᠠ | ᠪᠦᠷᠢᠯᠳᠦᠬᠦᠨ᠄ ᠯᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠯᠢᠦ ᠰᠢᠶᠤᠤ ᠳ᠋ᠦᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ | ᠬᠤ᠋ ᠬᠠᠶ ᠳ᠋ᠦᠩ ᠬᠦᠨᠳᠡᠯᠡᠨ ᠭᠤᠤᠯ ᠪᠠᠯᠭᠠᠰᠤᠨ ᠤ ᠳᠠᠷᠤᠭ᠎ᠠ | ᠬᠤᠤ ᠳ᠋ᠦᠩ ᠬᠠᠶ ᠪᠤᠷᠬᠠᠨᠲᠤ ᠪᠠᠯᠭᠠᠰᠤᠨ ᠤ ᠳᠠᠷᠤᠭ᠎ᠠ | ᠯᠢᠦᠶ ᠵᠢᠩ ᠺᠦᠨ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠫᠸᠢ ᠶᠢᠨ ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠬᠤᠤ ᠰᠢᠶᠠᠩ ᠳ᠋ᠦᠩ ᠲᠠᠪᠰᠢᠯᠲᠠ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠸᠠᠩ ᠴᠤᠤ ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ | ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠶᠢᠨ ᠡᠷᠬᠢᠯᠡᠭᠴᠢ | ᠪᠢᠶᠠᠨ ᠸᠧᠨ ᠨᠠ ᠠᠨᠱᠠᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠶᠢᠨ ᠸᠧᠶ ᠳ᠋ᠦᠩ ᠨᠥᠬᠦᠷᠯᠡᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠵᠠᠩ ᠵᠧᠩ ᠷᠦᠩ ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | | ᠬᠠᠨ ᠪᠢᠨ ᠠᠷᠠᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠢᠩ ᠽᠢ ᠶᠠᠨ ᠵᠤᠤ ᠶᠢᠨ ᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠶᠠᠩ ᠰᠢᠶᠤᠤ ᠪᠦᠯᠬᠦᠮᠳᠠᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠴᠧᠨ ᠮᠢᠨ ᠬᠠᠲᠤᠨ ᠭᠤᠣᠯ ᠪᠠᠷᠠᠭᠤᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠠᠨ ᠸᠧᠨ ᠲᠢᠩ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ | ᠬᠤᠷᠢᠶ᠎ᠠ ᠶᠢᠨ ᠳᠡᠳ᠋ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠶᠢᠨ | ᠡᠷᠬᠢᠯᠡᠭᠴᠢ | ᠭᠤᠤ ᠳ᠋ᠠᠨ ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠰᠤ᠋ ᠵᠢᠶᠦ᠋ᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠢᠦᠢ ᠬᠤᠩ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠳᠠᠷᠤᠭ᠎ᠠ | ᠯᠢᠶᠠᠩ ᠭᠠᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ | ᠸᠠᠩ ᠵᠢᠶ ᠶᠦᠨ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠶᠢᠨ ᠲᠠᠷᠤᠭ᠎ᠠ | ᠴᠢᠶᠣᠤ ᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ ᠶᠢᠨ ᠳᠠᠷᠤᠭ᠎ᠠ | ᠰᠢᠤᠢ ᠶᠦᠩ ᠰᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠤᠯᠤᠨ ᠲᠤᠮᠤ ᠳ᠋ᠠᠶᠢᠲ᠋ᠠ | ᠶᠢᠨ ᠬᠠᠮᠢᠶᠠᠷᠤᠯᠳᠠ ᠶᠢᠨ ᠲᠣᠪᠴᠢᠶ᠎ᠠ ᠶᠢᠨ ᠳᠠᠷᠤᠭ᠎ᠠ | ᠬᠠᠨ ᠶᠦᠩ ᠰᠢᠨ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ | ᠵᠠᠩ ᠶᠦᠩ ᠵᠢᠶᠦ᠋ᠨ ᠲᠣᠭᠤᠷᠢᠭ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠦᠶᠯᠡᠴᠢᠯᠡᠭᠡᠨ ᠤ | ᠲᠥᠪ ᠤᠨ ᠡᠷᠬᠢᠯᠡᠭᠴᠢ | ᡁᠢ ᠷᠦᠢ ᠹᠧᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ | ᠳᠠᠷᠤᠭ᠎ᠠ | ᠯᠢ ᠴᠧᠩ ᠳ᠋ᠦᠩ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ | ᠳᠠᠷᠤᠭ᠎ᠠ | ᠯᠢ ᠬᠤᠸᠠᠢ ᠵᠦᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ | ᠵᠢᠴᠢ ᠡᠯ᠎ᠡ ᠢᠯᠴᠢ ᠬᠠᠩᠭᠠᠬᠤ ᠠᠵᠤ ᠠᠬᠤᠶᠢᠯᠠᠯ ᠃ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠤᠬᠢᠷᠠᠭᠤᠯᠵᠤ᠂ ᠠᠯᠪᠠᠨ ᠭᠡᠷ ᠢ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠲᠤᠬᠢᠷᠠᠭᠤᠯᠵᠤ᠂ | ᠬᠥᠨᠳᠡᠯᠡᠨ ᠲᠣᠭᠤᠷᠢᠭ ᠤᠨ ︽ᠲᠤᠯᠠᠭᠠᠯᠠᠭ᠎ᠠ ᠶᠢᠨ ᠢᠨᠵᠧᠨᠧᠷᠢᠩ︾ ᠤᠨ ᠡᠳᠦᠷ ᠲᠤᠲᠤᠮ ᠤᠨ ᠵᠣᠬᠢᠴᠠᠭᠤᠯᠭ᠎ᠠ᠂ | ᠬᠢᠨᠠᠯᠲᠠ ᠲᠠᠯᠪᠢᠵᠤ ᠲᠣᠬᠢᠷᠠᠭᠤᠯᠬᠤ ᠪᠠ ᠠᠬᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠵᠢᠴᠢ ᠳᠡᠭᠡᠳᠦ | ᠱᠠᠲᠤᠨ ᠤ ᠪᠡᠯᠡ ᠮᠥᠩᠭᠦ ᠶᠢ ᠲᠡᠮᠡᠴᠡᠨ ᠣᠯᠬᠤ ᠠᠵᠢᠯ ᠢ ᠬᠠᠷᠢᠭᠤᠴᠠᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠳᠠᠷᠤᠭ᠎ᠠ ᠯᠢᠦ ᠰᠢᠶᠣᠤ ᠳ᠋ᠦᠩ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ | ᠡᠷᠬᠢᠯᠡᠭᠴᠢ ᠯᠢ ᠮᠢᠨ ᠡᠭᠦᠷᠭᠡᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠨᠢᠭᠡᠳᠦᠯᠲᠡᠶ ᠲᠣᠬᠢᠷᠠᠭᠤᠯᠤᠨ᠂ ᠠᠵᠢᠯ ᠤᠨ ᠳᠤᠮᠳᠠᠬᠢ ᠴᠢᠬᠤᠯᠠ | ᠶᠡᠭᠡ ᠠᠰᠠᠭᠤᠳᠠᠯ ᠢ ᠰᠤᠳᠤᠯᠤᠨ ᠰᠢᠶᠳᠪᠦᠷᠢᠯᠡᠨ᠎ᠡ᠃ | ᠲᠠᠪᠤ᠂ ᠠᠵᠢᠯ ᠤᠨ ᠡᠭᠦᠷᠭᠡ | ︵ᠨᠢᠭᠡ︶ ᠵᠢᠭᠰᠠᠭᠠᠨ ᠪᠠᠶᠢᠴᠠᠭᠠᠬᠤ ᠱᠠᠲᠤ ︵2024 ᠣᠨ ᠤ 3 ᠰᠠᠷ᠎ᠠ ᠠᠴᠠ 2024 ᠣᠨ ᠤ 4 | ᠰᠠᠷ᠎ᠠ ᠶᠢᠨ ᠡᠬᠢ ᠪᠣᠯᠲᠠᠯ᠎ᠠ︶ | 1.ᠮᠠᠨ ᠤ ᠲᠤᠭᠤᠷᠢᠭ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠨᠡᠶᠢᠲᠡ 334 | ᠪᠠᠶᠢᠵᠤ᠂ ᠣᠷᠣᠨ ᠰᠠᠭᠤᠴᠠ ᠶᠢᠨ ᠬᠤᠷᠢᠶᠠᠯᠠᠯ᠂ ᠠᠰᠠᠷ ᠤᠨ ᠤᠷᠤᠴᠠ ᠪᠠᠷ ᠨᠢᠭᠡᠴᠢ ᠪᠣᠯᠭᠠᠨ᠂ ᠣᠶᠢᠷ᠎ᠠ ᠶᠢᠨ | ᠵᠢᠯ ᠳᠤ ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ ᠶᠢᠨ ᠬᠠᠮᠢᠶᠠᠷᠤᠯᠳᠠ︾ ᠶᠢᠨ ᠥᠭᠡᠷᠡᠴᠢᠯᠡᠨ ᠪᠠᠶᠢᠭᠤᠯᠬᠤ ᠶᠢ | ᠪᠡᠶᠡᠯᠡᠭᠦᠯᠦᠭᠰᠡᠨ ᠬᠠᠭᠤᠴᠢᠨ ᠬᠤᠷᠢᠶᠠᠯᠠᠯ ᠤᠨ ᠢᠯᠴᠢ ᠬᠠᠩᠭᠠᠬᠤ ᠲᠤᠨᠤᠭ ᠲᠥᠬᠦᠭᠡᠷᠦᠮᠵᠢ ᠶᠢᠨ ᠥᠭᠡᠷᠡᠴᠢᠯᠡᠭᠡᠳᠦᠶ | ᠬᠡᠰᠡᠭ ᠢ ᠪᠠᠶᠢᠴᠠᠭᠠᠨ ᠨᠥᠬᠦᠪᠥᠷᠢᠯᠡᠵᠦ᠂ ᠠᠵᠢᠯᠯᠠᠭᠤᠯᠤᠬᠰᠠᠨ ᠣᠨ ᠵᠢᠯ ᠨᠢ 20 ᠵᠢᠯ ᠢ ᠲᠠᠪᠠᠭᠰᠠᠨ᠂ 15 ᠠᠴᠠ | 20 ᠵᠢᠯ ᠤᠨ ᠬᠤᠭᠤᠷᠤᠨᠳᠤ ᠪᠠᠶᠢᠬᠤ ᠵᠢᠴᠢ ᠠᠵᠢᠯᠯᠠᠭᠤᠯᠤᠬᠰᠠᠨ ᠣᠨ ᠵᠢᠯ ᠨᠢ 10 ᠵᠢᠯ ᠠᠴᠠ ᠬᠡᠲᠦᠷᠡᠭᠰᠡᠨ ᠢᠯᠴᠢ | ᠬᠠᠩᠭᠠᠬᠤ ᠬᠤᠶᠠᠳᠠᠬᠢ ᠬᠤᠭᠤᠯᠠᠶ ᠶᠢᠨ ᠲᠤᠤᠷ ᠵᠢᠴᠢ ᠤᠷᠤᠴᠠ ᠶᠢᠨ ᠪᠤᠰᠤᠭ᠎ᠠ ᠬᠤᠭᠤᠯᠠᠢ ᠶᠢ ᠨᠢᠭᠡ ᠨᠢᠭᠡ ᠪᠠᠷ | ᠵᠢᠭᠰᠠᠭᠠᠨ ᠪᠠᠶᠢᠴᠠᠭᠠᠵᠤ᠂ ᠡᠯ᠎ᠡ ᠬᠤᠷᠢᠶᠠᠯᠠᠯ ᠤᠨ ᠢᠯᠴᠢ ᠬᠠᠩᠭᠠᠵᠤ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ | ᠥᠭᠡᠷᠡᠴᠢᠯᠡᠨ ᠰᠢᠨᠡᠳᠬᠡᠬᠦ ᠲᠥᠯᠥᠪᠯᠡᠭᠡ ᠶᠢ ᠲᠣᠰ ᠲᠣᠰ ᠲᠣᠭᠲᠠᠭᠠᠨ᠂ ᠥᠭᠡᠷᠡᠴᠢᠯᠡᠨ ᠰᠢᠨᠡᠳᠬᠡᠬᠦ ᠴᠢᠬᠤᠯᠠᠲᠠᠶ ᠡᠯ᠎ᠡ | ᠲᠥᠷᠥᠯ ᠤᠨ ᠢᠯᠴᠢ ᠬᠠᠩᠭᠠᠬᠤ ᠲᠤᠨᠤᠭ ᠲᠥᠬᠦᠭᠡᠷᠦᠮᠵᠢ ᠶᠢ ᠵᠢᠭᠰᠠᠭᠠᠨ ᠭᠠᠷᠭᠠᠵᠤ᠂ ᠣᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠳᠡᠭᠡᠳᠦ ᠱᠠᠲᠤᠨ ᠤ ᠪᠠᠯᠠ ᠮᠥᠩᠭᠦ ᠶᠢ ᠴᠢᠷᠮᠠᠶᠢᠨ ᠣᠯᠵᠤ ᠥᠭᠡᠷᠡᠴᠢᠯᠡᠨ ᠰᠢᠨᠡᠳᠬᠡᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠬᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠢᠯᠴᠢ ᠬᠠᠩᠭᠠᠬᠤ ᠠᠵᠤ ᠠᠬᠤᠶᠢᠯᠠᠯ᠂ ᠠᠳᠠᠯ | ᠠᠬᠤᠶ ᠶᠢᠨ ᠬᠠᠮᠢᠶᠠᠷᠤᠯᠳᠠ ᠶᠢᠨ ᠺᠣᠮᠫᠠᠨᠢ | ᠬᠡᠷᠡᠭᠵᠢᠭᠦᠯᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 3 ᠰᠠᠷ᠎ᠠ ᠶᠢᠨ 30 ᠤ ᠡᠳᠦᠷ | 2. ᠠᠵᠢᠯᠯᠠᠭᠤᠯᠤᠬᠰᠠᠨ ᠵᠢᠯ ᠬᠤᠭᠤᠴᠠᠭ᠎ᠠ ᠨᠢ 20 ᠵᠢᠯ ᠢ ᠳᠠᠪᠠᠭᠰᠠᠨ᠂ 15 ᠠᠴᠠ 20 ᠵᠢᠯ ᠤᠨ | ᠬᠤᠭᠤᠷᠤᠨᠳᠤᠬᠢ ᠬᠤᠭᠤᠴᠠᠭ᠎ᠠ ᠵᠢᠴᠢ ᠠᠵᠢᠯᠯᠠᠭᠤᠯᠤᠬᠰᠠᠨ ᠵᠢᠯ ᠬᠤᠭᠤᠴᠠᠭ᠎ᠠ ᠨᠢ 10 ᠵᠢᠯ ᠢ ᠳᠠᠪᠠᠭᠰᠠᠨ᠂ ᠢᠯᠴᠢ | ᠬᠠᠩᠭᠠᠬᠤ ᠬᠤᠭᠤᠯᠠᠢ ᠳᠡᠯᠪᠡᠷᠡᠭᠰᠡᠨ ᠬᠡᠷᠡᠭ ᠤᠯᠠᠨ ᠡᠭᠦᠰᠦᠭᠰᠡᠨ ᠪᠤᠶᠤ ᠪᠠᠶᠢᠴᠠᠭᠠᠨ ᠬᠡᠮᠵᠢᠬᠦ ᠪᠠᠷ ᠳᠠᠮᠵᠢᠭᠠᠳ | ᠬᠤᠭᠤᠯᠠᠢ ᠶᠢ ᠦᠷᠬᠦᠯᠵᠢᠯᠡᠨ ᠠᠵᠢᠯᠯᠠᠭᠤᠯᠬᠤ ᠠᠶᠤᠯ ᠦᠭᠡᠶ ᠶᠢᠨ ᠲᠦᠭᠰᠢᠭᠦᠷᠢ ᠶᠡᠬᠡᠲᠡᠶ ᠠᠩᠬᠠᠨ ᠤ ᠬᠤᠭᠤᠯᠠᠶ ᠶᠢᠨ | ᠲᠤᠤᠷ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠢᠯᠴᠢ ᠬᠠᠩᠭᠠᠬᠤ ᠠᠵᠤ ᠠᠬᠤᠶᠢᠯᠠᠯ ᠢ ᠱᠠᠯᠠᠪᠳᠠᠭᠤᠯᠵᠤ | ᠦᠭᠡᠷᠡᠴᠢᠯᠠᠨ ᠰᠢᠨᠡᠳᠬᠡᠬᠦ ᠲᠤᠬᠠᠢ ᠬᠡᠷᠡᠭᠵᠢᠭᠦᠯᠬᠦ ᠲᠥᠰᠦᠯ ᠢ ᠲᠣᠭᠲᠠᠭᠠᠯᠭᠠᠨ᠎ᠠ᠃ | ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠵᠢᠭᠰᠠᠭᠠᠨ ᠪᠠᠶᠢᠴᠠᠭᠠᠵᠤ ᠳᠠᠭᠤᠰᠬᠠᠬᠤ ᠴᠠᠭ ᠤᠨ ᠬᠢᠵᠠᠭᠠᠷ ᠄ 2024 ᠣᠨ ᠤ 3 ᠰᠠᠷ᠎ᠠ ᠶᠢᠨ 30 ᠤ | ᠡᠳᠦᠷ | 3. ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠴᠢᠳᠠᠪᠤᠷᠢ ᠨᠢ ᠲᠤᠤᠷ ᠲᠤ ᠣᠷᠣᠭᠰᠠᠨ | ᠪᠣᠳᠠᠲᠠᠶ ᠲᠠᠯᠠᠪᠠᠶ ᠶᠢᠨ ᠶᠡᠷᠦᠩᠬᠡᠶ ᠢᠯᠴᠢ ᠶᠢᠨ ᠳᠠᠭᠠᠭᠠᠴᠠ ᠠᠴᠠ ᠳᠤᠤᠷ᠎ᠠ ᠪᠤᠶᠤ ᠣᠬᠤᠷ ᠬᠤᠭᠤᠴᠠᠭᠠᠨ ᠤ ᠢᠯᠴᠢ | ᠬᠠᠩᠭᠠᠬᠤ ᠬᠥᠭᠵᠢᠯᠲᠡ ᠶᠢᠨ ᠵᠢᠱᠢᠯᠲᠡ ᠶᠢ ᠬᠠᠩᠭᠠᠵᠤ ᠳᠡᠶᠢᠯᠬᠦ ᠥᠬᠡᠶ ᠪᠠᠶᠢᠪᠠᠯ᠂ ᠢᠯᠴᠢ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠬᠦ ᠲᠥᠯᠥᠪᠯᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠵᠡᠷᠭᠡᠪᠡᠷ ᠲᠣᠭᠲᠠᠭᠠᠵᠤ᠂ | ᠣᠷᠣᠨ ᠪᠦᠰᠡ ᠶᠢᠨ ᠢᠯᠴᠢ ᠬᠠᠩᠭᠠᠬᠤ ᠳᠠᠭᠠᠭᠠᠴᠠ ᠶᠢ ᠬᠠᠩᠭᠠᠵᠤ ᠳᠡᠶᠢᠯᠬᠦ ᠥᠬᠡᠶ ᠢᠯᠴᠢ ᠰᠣᠯᠢᠬᠤ ᠥᠷᠲᠡᠭᠡ ᠶᠢᠨ | ᠪᠠᠭᠲᠠᠭᠠᠮᠵᠢ ᠶᠢ ᠨᠡᠮᠡᠭᠳᠡᠭᠦᠯᠬᠦ᠂ ᠪᠠᠭᠲᠠᠭᠠᠮᠵᠢ ᠶᠢ ᠥᠷᠭᠡᠳᠬᠡᠨ ᠥᠭᠡᠷᠡᠴᠢᠯᠠᠨ ᠪᠠᠶᠢᠭᠤᠯᠬᠤ ᠶᠢ ᠪᠡᠶᠡᠯᠡᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠢᠯᠴᠢ ᠬᠠᠩᠭᠠᠬᠤ ᠠᠵᠤ ᠠᠬᠤᠶᠢᠯᠠᠯ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠵᠢᠭᠰᠠᠭᠠᠨ ᠪᠠᠶᠢᠴᠠᠭᠠᠵᠤ ᠳᠠᠭᠤᠰᠬᠠᠬᠤ ᠴᠠᠭ ᠤᠨ ᠬᠢᠵᠠᠭᠠᠷ ᠄ 2024 ᠣᠨ ᠤ 3 ᠰᠠᠷ᠎ᠠ ᠶᠢᠨ 30 ᠤ | ᠡᠳᠦᠷ | 4. ᠠᠳᠠᠯᠢ ᠪᠤᠰᠤ ᠢᠯᠴᠢ ᠬᠡᠷᠡᠭᠯᠡᠬᠦ ᠬᠡᠮᠵᠢᠶ᠎ᠡ ᠶᠢ ᠲᠣᠬᠢᠷᠠᠭᠤᠯᠬᠤ ᠢᠯᠴᠢ ᠡᠭᠦᠰᠭᠡᠭᠴᠢ ᠶᠢ ᠤᠬᠰᠠᠷᠠᠬᠰᠠᠨ | ᠦᠭᠡᠢ ᠪᠠ ᠪᠡᠯᠡᠳᠬᠡᠯ ᠢᠯᠴᠢ ᠡᠭᠦᠰᠭᠡᠭᠴᠢ ᠶᠢᠨ ᠠᠳᠠᠯᠢ ᠪᠤᠰᠤ ᠢᠯᠴᠢ ᠬᠡᠷᠡᠭᠯᠡᠬᠦ ᠬᠡᠮᠵᠢᠶ᠎ᠡ ᠶᠢ ᠲᠣᠬᠢᠷᠠᠭᠤᠯᠬᠤ | ᠢᠯᠴᠢ ᠡᠭᠦᠰᠭᠡᠭᠴᠢ᠂ ᠪᠡᠯᠡᠳᠬᠡᠯ ᠢᠯᠴᠢ ᠡᠭᠦᠰᠭᠡᠭᠴᠢ ᠨᠢ ᠠᠵᠢᠯᠯᠠᠭᠤᠯᠵᠤ ᠡᠬᠢᠯᠡᠭᠦᠯᠬᠦ ᠨᠥᠬᠦᠴᠡᠯ ᠢ | ᠪᠦᠷᠢᠯᠳᠦᠭᠦᠯᠦᠭᠰᠡᠨ ᠡᠰᠡᠬᠦ ᠶᠢ ᠭᠦᠨᠵᠡᠭᠡᠶ ᠵᠢᠭᠰᠠᠭᠠᠨ ᠪᠠᠶᠢᠴᠠᠭᠠᠵᠤ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠠᠢ ᠬᠠᠮᠳᠤ ᠪᠠᠷ ᠪᠤᠭᠤᠲᠤ ᠬᠤᠲᠠ ᠶᠢᠨ ︽ ᠶᠢᠨ ᠳ᠋ᠡ ᠯᠢ︾ ᠢᠯᠴᠢ ᠶᠢᠨ ᠬᠦᠴᠦᠨ ᠤ | ᠬᠢᠵᠠᠭᠠᠷᠲᠤ ᠺᠣᠮᠫᠠᠨᠢ ᠶᠢᠨ ᠪᠠᠴᠢᠮ ᠪᠠᠶᠢᠳᠠᠯ ᠢ ᠠᠷᠭᠠᠴᠠᠭᠠᠬᠤ ᠢᠯᠴᠢ ᠡᠭᠦᠰᠭᠡᠭᠴᠢ ᠶᠢᠨ ᠦᠢᠯᠡᠳᠪᠦᠷᠢ ᠶᠢ | ᠠᠰᠢᠭᠯᠠᠯᠲᠠ ᠳᠤ ᠤᠷᠤᠭᠤᠯᠬᠤ ᠶᠢ ᠬᠠᠪᠰᠤᠷᠤᠨ ᠠᠬᠢᠭᠤᠯᠤᠨ᠎ᠠ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭᠤᠷᠢᠭ ᠤᠨ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠵᠢᠭᠰᠠᠭᠠᠨ ᠪᠠᠶᠢᠴᠠᠭᠠᠵᠤ ᠳᠠᠭᠤᠰᠬᠠᠬᠤ ᠴᠠᠭ ᠤᠨ ᠬᠢᠵᠠᠭᠠᠷ᠄ 2024 ᠣᠨ ᠤ 3 ᠰᠠᠷ᠎ᠠ ᠶᠢᠨ 30 ᠤ | ᠡᠳᠦᠷ | 5. ᠡᠯ᠎ᠡ ᠢᠯᠴᠢ ᠶᠢᠨ ᠬᠦᠴᠦᠨ ᠤ ᠥᠷᠲᠡᠭᠡ ᠶᠢᠨ ᠢᠯᠴᠢ ᠬᠠᠩᠭᠠᠬᠤ ᠷᠠᠳᠢᠦ᠋ᠰ ᠤᠨ ᠳᠣᠲᠣᠷᠠᠬᠢ ᠢᠯᠴᠢ ᠶᠢᠨ | ᠳᠠᠭᠠᠭᠠᠴᠠ ᠨᠢ ᠵᠢᠷᠤᠭ ᠲᠥᠯᠥᠪᠯᠡᠭᠡ ᠶᠢᠨ ᠵᠢᠷᠤᠮᠵᠢᠯ ᠠᠴᠠ ᠬᠡᠲᠦᠷᠡᠭᠰᠡᠨ᠂ ︽ᠲᠤᠭᠤᠯ ᠢᠶᠠᠷ ᠦᠬᠡᠷ ᠲᠡᠷᠭᠡ | ᠴᠢᠷᠦᠬᠦᠯᠬᠦ︾ ᠪᠠᠶᠢᠳᠠᠯ ᠣᠷᠣᠰᠢᠵᠤ ᠪᠠᠶᠢᠬᠤ ᠡᠰᠡᠬᠦ ᠶᠢ ᠭᠦᠨᠵᠡᠭᠡᠶ ᠵᠢᠭᠰᠠᠭᠠᠨ ᠪᠠᠶᠢᠴᠠᠭᠠᠨ᠎ᠠ︔ ᠲᠤᠨᠤᠭ | ᠲᠥᠬᠦᠭᠡᠷᠦᠮᠵᠢ ᠨᠢ ᠬᠠᠭᠤᠴᠢᠷᠠᠭᠰᠠᠨ᠂ ᠡᠨᠧᠷᠭᠢ ᠶᠢᠨ ᠬᠤᠷᠣᠭᠳᠠᠭᠤᠯᠤᠯ ᠶᠡᠭᠡ᠂ ᠪᠦᠷᠢᠨ ᠪᠦᠲᠦᠨ ᠪᠠᠶᠢᠬᠤ | ᠨᠣᠷᠮ᠎ᠠ ᠨᠢ ᠪᠠᠷᠢᠮᠵᠢᠶ᠎ᠠ ᠳᠤ ᠬᠥᠷᠬᠦ ᠥᠬᠡᠶ᠂ ᠦᠢᠯᠡᠳᠦᠯ ᠴᠢᠳᠠᠮᠵᠢ ᠬᠤᠴᠣᠷᠤᠩᠭᠤᠶ ᠪᠠᠶᠢᠳᠠᠯ ᠣᠷᠣᠰᠢᠵᠤ ᠪᠠᠶᠢᠬᠤ | ᠡᠰᠡᠬᠦ ᠶᠢ ᠪᠠᠶᠢᠴᠠᠭᠠᠬᠤ ᠶᠢᠨ ᠬᠠᠮᠲᠤ 2024 ᠣᠨ ᠳᠤ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠵᠢᠭᠰᠠᠭᠠᠨ ᠪᠠᠶᠢᠴᠠᠭᠠᠵᠤ ᠳᠠᠭᠤᠰᠬᠠᠬᠤ ᠴᠠᠭ ᠤᠨ ᠬᠢᠵᠠᠭᠠᠷ ᠄ 2024 ᠣᠨ ᠤ 3 ᠰᠠᠷ᠎ᠠ ᠶᠢᠨ 30 ᠤ | ᠡᠳᠦᠷ | 6. 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠵᠡᠷᠭᠡ ᠵᠠᠮ ᠰᠤᠪᠠᠭ ᠢᠶᠠᠷ ᠲᠤᠰᠬᠠᠭᠰᠠᠨ ᠢᠯᠴᠢ | ᠬᠡᠷᠡᠭᠯᠡᠬᠦ ᠠᠰᠠᠭᠤᠳᠠᠯ ᠢ ᠰᠢᠶᠳᠪᠦᠷᠢᠯᠡᠭᠰᠡᠨ ᠪᠠᠶᠢᠳᠠᠯ ᠲᠠᠢ ᠤᠶᠠᠯᠳᠤᠭᠤᠯᠤᠨ᠂ ᠢᠯᠴᠢ ᠬᠡᠷᠡᠭᠯᠡᠬᠦ ᠡᠷᠦᠬᠡ ᠶᠢᠨ | ᠲᠤᠳᠤᠷᠠᠬᠢ ᠢᠯᠴᠢ ᠬᠠᠩᠭᠠᠬᠤ ᠰᠢᠰᠲ᠋ᠧᠮ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠣᠶᠢᠷ᠎ᠠ ᠶᠢᠨ ᠵᠢᠯ ᠤᠨ ᠢᠯᠴᠢ | ᠬᠡᠷᠡᠭᠯᠡᠬᠦ ᠡᠷᠦᠬᠡ ᠶᠢᠨ ᠬᠡᠷ ᠳᠣᠲᠣᠷᠠᠬᠢ ᠥᠪᠡᠷ ᠤᠨ ᠪᠠᠶᠢᠭ᠎ᠠ ᠳᠤᠯᠠᠭᠠᠯᠠᠬᠤ ᠲᠤᠨᠤᠭ ᠲᠦᠬᠦᠭᠡᠷᠦᠮᠵᠢ ᠪᠠ ᠬᠡᠷ | ᠪᠠᠶᠢᠰᠢᠩ ᠤᠨ ᠵᠦᠢ ᠵᠤᠬᠢᠰ ᠦᠬᠡᠢ ᠪᠦᠳᠦᠴᠡ ᠵᠡᠷᠭᠡ ᠬᠡᠮ ᠰᠣᠭᠤᠭ ᠠᠴᠠ ᠪᠣᠯᠤᠭᠰᠠᠨ ᠢᠯᠴᠢ ᠬᠠᠩᠭᠠᠭᠠᠳ ᠬᠡᠷ | ᠲᠤᠳᠤᠷ᠎ᠠ ᠬᠠᠯᠠᠵᠤ ᠲᠡᠶᠢᠯᠬᠦ ᠦᠭᠡᠢ ᠪᠠᠶᠢᠬᠤ ᠠᠰᠠᠭᠤᠳᠠᠯ ᠢ ᠪᠦᠷᠢᠳᠬᠡᠨ ᠡᠮᠬᠢᠯᠡᠬᠦ ᠶᠢᠨ ᠬᠠᠮᠲᠤ᠂ ᠢᠯᠴᠢ ᠬᠡᠷᠡᠭᠯᠡᠬᠦ | ᠡᠷᠦᠬᠡ ᠶᠢᠨ ᠲᠤᠯᠠᠭᠠᠯᠠᠵᠤ ᠴᠢᠳᠠᠬᠤ ᠦᠭᠡᠢ ᠪᠠᠶᠢᠬᠤ ᠰᠢᠯᠲᠠᠭᠠᠨ ᠵᠢᠴᠢ ᠥᠭᠡᠷᠡᠴᠢᠯᠡᠨ ᠰᠢᠨᠡᠳᠬᠡᠬᠦ ᠰᠠᠨᠠᠭᠤᠯᠭ᠎ᠠ ᠶᠢ | ᠨᠢᠭᠡᠳ ᠨᠢᠭᠡ ᠪᠠᠷ ᠮᠡᠳᠡᠭᠳᠡᠵᠦ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠬᠥᠲᠥᠯᠦᠨ ᠵᠢᠯᠣᠭᠤᠳᠴᠤ | ᠥᠪᠡᠷ ᠤᠨ ᠪᠠᠶᠢᠭ᠎ᠠ ᠳᠤᠯᠠᠭᠠᠯᠠᠬᠤ ᠲᠤᠨᠤᠭ ᠲᠦᠬᠦᠭᠡᠷᠦᠮᠵᠢ ᠪᠠᠨ ᠥᠭᠡᠷᠡᠴᠢᠯᠡᠨ ᠰᠢᠨᠡᠳᠬᠡᠵᠦ᠂ ᠰᠠᠭᠤᠭᠠᠯᠢ ᠠᠷᠠᠳ ᠢ | ᠳᠠᠶᠢᠴᠢᠯᠠᠨ ᠬᠡᠷ ᠪᠠᠶᠢᠰᠢᠩ ᠤᠨ ᠰᠡᠯᠪᠢᠨ ᠵᠠᠰᠠᠬᠤ ᠰᠠᠭᠤᠷᠢ ᠮᠥᠩᠭᠦ ᠶᠢ ᠬᠡᠷᠡᠭᠯᠡᠭᠦᠯᠵᠦ ᠬᠡᠷ ᠪᠠᠶᠢᠰᠢᠩ ᠤᠨ | ᠲᠤᠳᠤᠷᠠᠬᠢ ᠵᠤᠬᠢᠰ ᠦᠬᠡᠢ ᠪᠠᠶᠢᠬᠤ ᠲᠤᠳᠠᠭᠤᠳᠠᠯ ᠪᠠ ᠬᠡᠮ ᠰᠣᠭᠤᠭ ᠢ ᠵᠠᠰᠠᠨ ᠨᠥᠬᠦᠪᠥᠷᠢᠯᠡᠭᠦᠯᠦᠨᠡ᠃ | ᠲᠦᠷᠦᠭᠦᠯᠡᠨ ᠬᠢᠬᠦ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ | ᠬᠠᠮᠵᠢᠯᠴᠠᠬᠤ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 3 ᠰᠠᠷ᠎ᠠ ᠶᠢᠨ 30 ᠤ ᠡᠳᠦᠷ | ︵ᠬᠤᠶᠠᠷ︶ ᠬᠡᠷᠡᠭᠵᠢᠭᠦᠯᠬᠦ ᠱᠠᠲᠤ ︵2024 ᠣᠨ ᠤ 3 ᠰᠠᠷ᠎ᠠ ᠠᠴᠠ 2024 ᠣᠨ ᠤ 10 ᠰᠠᠷ᠎ᠠ ᠶᠢᠨ | ᠳᠤᠮᠳᠠᠴᠢ ᠬᠦᠷᠲᠡᠯ᠎ᠡ︶ | 7. ᠬᠤᠲᠠ ᠶᠢᠨ ᠱᠠᠲᠤᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ | ᠨᠡᠪᠲᠡᠷᠡᠯᠴᠡᠬᠦ ᠪᠠᠨ ᠴᠢᠩᠭᠠᠳᠬᠠᠵᠤ᠂ ᠨᠡᠭᠦᠷᠡᠰᠦᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠂ ᠴᠠᠭ | ᠬᠤᠭᠤᠴᠠᠭ᠎ᠠ ᠬᠢᠵᠠᠭᠠᠷᠯᠠᠨ ᠨᠡᠭᠦᠷᠡᠰᠦᠨ ᠤ ᠡᠨᠧᠷᠭᠢ ᠶᠢᠨ ᠭᠡᠷ᠎ᠡ ᠲᠣᠭᠲᠠᠵᠤ᠂ ᠠᠷᠢᠭᠤᠨ ᠴᠡᠪᠡᠷ ᠪᠤᠰᠤ | ᠳᠤᠯᠠᠭᠠᠯᠠᠭ᠎ᠠ ᠶᠢᠨ ᠣᠷᠣᠨ ᠪᠦᠰᠡ ᠶᠢᠨ ᠨᠡᠭᠦᠷᠡᠰᠦᠨ ᠤ ᠬᠠᠩᠭᠠᠯᠭ᠎ᠠ ᠭᠦᠶᠴᠡᠳ᠂ ᠬᠠᠳᠠᠭᠠᠯᠠᠭᠳᠠᠴᠠ ᠭᠦᠶᠴᠡᠳ | ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠬᠠᠩᠭᠠᠯᠭ᠎ᠠ ᠬᠡᠷᠡᠭᠴᠡᠭᠡ ᠶᠢᠨ ᠵᠢᠭᠤᠷᠠᠯᠳᠤᠭᠠᠨ ᠢ ᠰᠢᠶᠳᠪᠦᠷᠢᠯᠡᠬᠦ ᠪᠠ | ᠠᠮᠤᠷ ᠲᠦᠪᠰᠢᠨ ᠳᠤᠯᠠᠭᠠᠯᠠᠭ᠎ᠠ ᠶᠢᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠨᠡᠭᠦᠷᠡᠰᠦ ᠬᠡᠷᠡᠭᠯᠡᠵᠦ | ᠳᠤᠯᠠᠭᠠᠯᠠᠬᠤ ᠰᠠᠭᠤᠭᠠᠯᠢ ᠠᠷᠠᠳ ᠤᠨ ᠬᠡᠷᠡᠭᠯᠡᠬᠦ ᠨᠡᠭᠦᠷᠡᠰᠦ ᠲᠠᠢ ᠂ ᠠᠮᠤᠷ ᠲᠦᠪᠰᠢᠨ ᠬᠡᠷᠡᠭᠯᠡᠬᠦ ᠶᠢ ᠦᠨᠡᠨᠬᠦ | ᠪᠠᠲᠤᠯᠠᠨ᠎ᠠ᠃ | ᠲᠦᠷᠦᠭᠦᠯᠠᠨ ᠬᠢᠬᠦ ᠨᠢᠭᠡᠴᠢ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠪᠤᠷᠬᠠᠨᠲᠤ ᠪᠠᠯᠭᠠᠰᠤ᠂ ᠬᠦᠨᠳᠡᠯᠡᠨ ᠭᠤᠤᠯ ᠪᠠᠯᠭᠠᠰᠤ | ᠬᠡᠷᠡᠭᠵᠢᠭᠦᠯᠬᠦ ᠨᠢᠭᠡᠴᠢ᠄ ᠪᠤᠷᠬᠠᠨᠲᠤ ᠪᠠᠯᠭᠠᠰᠤ᠂ ᠬᠦᠨᠳᠡᠯᠡᠨ ᠭᠤᠤᠯ ᠪᠠᠯᠭᠠᠰᠤ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 9 ᠰᠠᠷ᠎ᠠ ᠶᠢᠨ 10 ᠤ ᠡᠳᠦᠷ | 8. ᠢᠯᠴᠢ ᠬᠠᠩᠭᠠᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠪᠤᠭᠤᠲᠤ | ᠬᠤᠲᠠ ᠶᠢᠨ ᠢᠯᠴᠢ ᠬᠠᠩᠭᠠᠬᠤ ᠠᠵᠢᠯ ᠲᠥᠷᠥᠯ ᠤᠨ ᠬᠢᠨᠠᠨ ᠰᠢᠯᠭᠠᠬᠤ ᠠᠷᠭ᠎ᠠ︾᠂ ︽ᠪᠤᠭᠤᠲᠤ ᠬᠤᠲᠠ ᠶᠢᠨ | ᠢᠯᠴᠢ ᠬᠠᠩᠭᠠᠬᠤ ᠨᠢᠭᠡᠴᠢ ᠠᠴᠠ ᠰᠦᠢᠳᠬᠡᠯ ᠢ ᠪᠤᠴᠠᠭᠠᠬᠤ ᠠᠷᠭ᠎ᠠ︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠥᠨᠳᠡᠯᠡᠨ ᠲᠣᠭᠤᠷᠢᠭ ᠤᠨ ᠬᠤᠲᠠ ᠪᠠᠯᠭᠠᠰᠤ ᠶᠢᠨ ᠢᠯᠴᠢ ᠬᠠᠩᠭᠠᠬᠤ ᠪᠠᠲᠤᠯᠠᠭ᠎ᠠ ᠶᠢᠨ | ᠪᠠᠯᠠ ᠮᠥᠩᠭᠦ ᠶᠢ ᠬᠤᠷᠠᠮᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠬᠥᠨᠳᠡᠯᠡᠨ | ᠲᠣᠭᠤᠷᠢᠭ ᠤᠨ ᠢᠯᠴᠢ ᠬᠠᠩᠭᠠᠬᠤ ᠪᠠᠲᠤᠯᠠᠭ᠎ᠠ ᠶᠢᠨ ᠪᠠᠯᠠ ᠮᠥᠩᠭᠦ ᠶᠢᠨ ᠲᠤᠰᠬᠠᠶ ᠪᠠᠩᠬᠢ ᠶᠢᠨ ᠲᠠᠩᠰᠠᠨ ᠡᠷᠦᠬᠡ ᠶᠢ | ᠪᠠᠶᠢᠭᠤᠯᠵᠤ᠂ ᠢᠯᠴᠢ ᠬᠠᠩᠭᠠᠬᠤ ᠠᠵᠢᠯ ᠲᠥᠷᠥᠯ ᠤᠨ ᠪᠣᠯᠵᠣᠨ ᠶᠠᠷᠢᠯᠴᠠᠬᠤ ᠠᠵᠢᠯ ᠢ ᠲᠣᠬᠢᠷᠠᠭᠤᠯᠬᠤ ᠶᠢ ᠰᠠᠶᠢᠲᠤᠷ | ᠬᠢᠨ᠎ᠠ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ | ᠬᠡᠷᠡᠭᠵᠢᠭᠦᠯᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 3 ᠰᠠᠷ᠎ᠠ ᠶᠢᠨ 31 ᠤ ᠡᠳᠦᠷ | 9. ᠬᠥᠨᠳᠡᠯᠡᠨ ᠲᠣᠭᠤᠷᠢᠭ ᠤᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠳᠤ ᠵᠠᠰᠠᠪᠤᠷᠢ ᠣᠷᠣᠭᠤᠯᠬᠤ ᠶᠢᠨ ᠬᠠᠮᠲᠤ ᠰᠣᠷᠢᠯᠲᠠ ᠬᠢᠬᠦ ᠶᠢ ᠵᠣᠬᠢᠶᠠᠨ ᠪᠠᠶᠢᠭᠤᠯᠤᠨ᠂ ᠢᠯᠴᠢ ᠬᠠᠩᠭᠠᠬᠤ | ᠲᠠᠯᠠᠪᠠᠶ ᠶᠢ ᠦᠨᠳᠦᠰᠦᠯᠡᠨ ᠶᠡᠭᠡ ᠴᠢᠳᠠᠮᠵᠢ ᠲᠠᠢ ᠪᠠᠴᠢᠮ ᠪᠠᠶᠢᠳᠠᠯ ᠢ ᠠᠷᠭᠠᠴᠠᠭᠠᠬᠤ ᠰᠢᠯᠵᠢᠭᠡ | ᠢᠯᠴᠢ ᠡᠭᠦᠰᠭᠡᠭᠴᠢ ᠶᠢ ᠲᠣᠬᠢᠷᠠᠭᠤᠯᠤᠨ᠎ᠠ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 9 ᠰᠠᠷ᠎ᠠ ᠶᠢᠨ 15 ᠤ ᠡᠳᠦᠷ | 10. ᠢᠯᠴᠢ ᠬᠠᠩᠭᠠᠬᠤ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠠᠶᠤᠯᠬᠦᠢ ᠦᠢᠯᠡᠳᠪᠦᠷᠢᠯᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠤᠨ᠂ ᠮᠠᠨ ᠤ ᠲᠤᠭᠤᠷᠢᠭ ᠤᠨ ᠢᠯᠴᠢ ᠬᠠᠩᠭᠠᠬᠤ ᠡᠵᠡᠩᠨᠡᠯᠲᠡ ᠶᠢᠨ ᠠᠵᠤ | ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠭᠤᠷᠪᠠᠳᠤᠭᠠᠷ ᠱᠠᠲᠤᠨ ᠤ | ᠪᠠᠷᠢᠮᠵᠢᠶ᠎ᠠ ᠳᠤ ᠬᠦᠷᠬᠡᠬᠦ ᠠᠵᠢᠯ ᠢ ᠪᠡᠶᠡᠯᠡᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 9 ᠰᠠᠷ᠎ᠠ ᠶᠢᠨ 15 ᠤ ᠡᠳᠦᠷ | 11. ᠬᠤᠪᠤᠷ ᠰᠢᠷᠦᠢ ᠶᠢᠨ ᠲᠡᠭᠡᠳᠦ ᠰᠢᠨ᠎ᠡ ᠮᠡᠷᠭᠡᠵᠢᠯ ᠤᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠳᠤ | ᠬᠠᠮᠵᠢᠯᠴᠠᠨ ᠪᠤᠭᠤᠳᠤ ᠬᠤᠳᠠ ᠶᠢᠨ ︽ ᠶᠢᠨ ᠳ᠋ᠠ ᠯᠢ︾ ᠢᠯᠴᠢ ᠶᠢᠨ ᠬᠦᠴᠦᠨ ᠤ ᠬᠢᠵᠠᠭᠠᠷᠲᠦ ᠺᠤᠮᠫᠠᠨᠢ ᠶᠢᠨ | ᠬᠠᠮᠤᠭ ᠤᠨ ᠬᠠᠬᠢᠷ ᠬᠦᠢᠳᠡᠨ ᠬᠤᠭᠤᠴᠠᠭᠠᠨ ᠤ ᠢᠯᠴᠢ ᠡᠭᠦᠰᠭᠡᠭᠴᠢ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠤᠯᠪᠤᠬᠤ ᠭᠤᠤᠯ ᠱᠤᠭᠤᠮ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ | ᠬᠡᠷᠡᠭᠵᠢᠭᠦᠯᠬᠦ ᠨᠢᠭᠡᠴᠢ᠄ ᠪᠤᠭᠤᠲᠤ ᠬᠤᠲᠠ ᠶᠢᠨ ︽ ᠶᠢᠨ ᠳ᠋ᠡ ᠯᠢ︾ ᠢᠯᠴᠢ ᠶᠢᠨ ᠬᠦᠴᠦᠨ ᠤ ᠬᠢᠵᠠᠭᠠᠷᠲᠤ | ᠺᠣᠮᠫᠠᠨᠢ᠂ ᠪᠤᠭᠤᠲᠤ ᠬᠤᠲᠠ ᠶᠢᠨ ᠢᠯᠴᠢ ᠶᠢᠨ ᠬᠦᠴᠦᠨ ᠤ ︵ᠪᠦᠯᠦᠭᠯᠡᠯ︶ ᠬᠢᠵᠠᠭᠠᠷᠲᠤ ᠺᠣᠮᠫᠠᠨᠢ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 7 ᠰᠠᠷ᠎ᠠ ᠶᠢᠨ 31 ᠤ ᠡᠳᠦᠷ | 12. ᠬᠠᠷᠢᠶ᠎ᠠ ᠣᠷᠣᠨ ᠤ ᠢᠯᠴᠢ ᠬᠠᠩᠭᠠᠬᠤ ᠠᠵᠤ ᠠᠬᠤᠶᠢᠯᠠᠯ ᠢ ᠱᠠᠯᠠᠪᠳᠠᠭᠤᠯᠵᠤ ᠡᠮᠦᠨᠡᠬᠢ ᠬᠤᠭᠤᠴᠠᠭᠠᠨ ᠤ | ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠲᠥᠰᠦᠯ ᠲᠣᠭᠲᠠᠭᠠᠯᠭᠠᠵᠤ᠂ ᠢᠯᠴᠢ ᠬᠠᠩᠭᠠᠬᠤ ᠠᠩᠬᠠᠨ ᠤ | ᠬᠤᠭᠤᠯᠠᠶ ᠶᠢᠨ ᠲᠤᠤᠷ ᠢ ᠦᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 9 ᠰᠠᠷ᠎ᠠ ᠶᠢᠨ 10 ᠤ ᠡᠳᠦᠷ | 13. ᠡᠮᠦᠨᠡᠬᠢ ᠬᠤᠭᠤᠴᠠᠭᠠᠨ ᠤ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ︽ᠬᠦᠨᠳᠦ ᠬᠥᠩᠭᠡᠨ | ᠠᠯᠭᠤᠷ ᠪᠠᠴᠢᠮ ᠬᠢᠬᠦ︾ ᠵᠠᠷᠴᠢᠮ ᠤᠨ ᠶᠣᠰᠣᠭᠠᠷ ︽ᠲᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠶᠯ ᠤᠨ | ᠬᠡᠷᠡᠭᠵᠢᠬᠦᠯᠦᠭᠦᠰᠢᠳᠡᠢ ᠰᠤᠳᠤᠯᠤᠯᠳᠠ ᠶᠢᠨ ᠮᠡᠳᠡᠭᠦᠯᠦᠯᠲᠡ ᠶᠢ ᠪᠦᠯᠦᠭ ᠤᠳᠠᠭ᠎ᠠ ᠬᠤᠪᠢᠶᠠᠨ ᠨᠠᠶᠢᠷᠠᠭᠤᠯᠤᠨ | ᠵᠣᠬᠢᠶᠠᠵᠤ᠂ ᠳᠡᠭᠡᠳᠦ ᠱᠠᠲᠤᠨ ᠤ ᠲᠤᠰᠬᠠᠶ ᠪᠡᠯᠡ ᠮᠥᠩᠭᠦ ᠶᠢ ᠭᠤᠶᠤᠴᠢᠯᠠᠨ ᠤᠯᠵᠤ ᠢᠯᠴᠢ ᠬᠠᠩᠭᠠᠬᠤ ᠬᠤᠶᠠᠳᠠᠬᠢ | ᠬᠤᠭᠤᠯᠠᠶ ᠶᠢᠨ ᠲᠤᠤᠷ ᠢ ᠪᠠᠶᠢᠭᠤᠯᠬᠤ ᠵᠢᠴᠢ ᠤᠷᠤᠴᠠ ᠶᠢᠨ ᠪᠤᠰᠤᠭ᠎ᠠ ᠬᠤᠭᠤᠯᠠᠢ ᠶᠢ ᠦᠬᠡᠷᠡᠴᠢᠯᠡᠨ ᠰᠢᠨᠡᠳᠬᠡᠬᠦ ᠶᠢ | ᠪᠡᠶᠡᠯᠡᠭᠦᠯᠦᠨ᠎ᠡ︔ ᠬᠠᠭᠤᠴᠢᠨ ᠬᠤᠷᠢᠶᠠᠯᠠᠯ ᠢ ᠦᠭᠡᠷᠡᠴᠢᠯᠡᠨ ᠰᠢᠨᠡᠳᠬᠡᠬᠦ ᠲᠥᠯᠥᠪᠯᠡᠭᠡ ᠲᠠᠢ ᠤᠶᠠᠯᠳᠤᠭᠤᠯᠤᠨ᠂ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠦᠬᠡᠷᠡᠴᠢᠯᠡᠨ ᠰᠢᠨᠡᠳᠭᠡᠪᠡᠰᠦ | ᠵᠣᠬᠢᠬᠤ ᠶᠢ ᠨᠢ ᠪᠦᠬᠦᠨ ᠢ ᠦᠬᠡᠷᠡᠴᠢᠯᠡᠨ ᠰᠢᠨᠡᠳᠭᠡᠬᠦ ᠶᠢ ᠪᠡᠶᠡᠯᠡᠭᠦᠯᠦᠨ᠎ᠡ︔ ᠬᠠᠮᠤᠭ ᠤᠨ ᠰᠡᠬᠦᠯ ᠳᠤ ᠢᠯᠴᠢ | ᠬᠡᠷᠡᠭᠯᠡᠬᠦ ᠡᠷᠦᠬᠡ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠢᠯᠴᠢ ᠬᠠᠩᠭᠠᠬᠤ ᠠᠵᠤ ᠠᠬᠤᠶᠢᠯᠠᠯ᠂ | ᠡᠯ᠎ᠡ ᠠᠳᠠᠯ ᠠᠬᠤᠶ ᠶᠢᠨ ᠬᠠᠮᠢᠶᠠᠷᠤᠯᠳᠠ ᠶᠢᠨ ᠺᠣᠮᠫᠠᠨᠢ | ᠬᠡᠷᠡᠭᠵᠢᠭᠦᠯᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ ᠄ 2025 ᠣᠨ ᠤ 9 ᠰᠠᠷ᠎ᠠ ᠶᠢᠨ 10 ᠤ ᠡᠳᠦᠷ | 14. ᠢᠯᠴᠢ ᠬᠠᠩᠭᠠᠬᠤ ᠠᠵᠤ ᠠᠬᠤᠶᠢᠯᠠᠯ ᠢ ᠱᠠᠯᠠᠪᠳᠠᠭᠤᠯᠵᠤ ᠡᠮᠦᠨᠡᠬᠢ ᠬᠤᠭᠤᠴᠠᠭᠠᠨ ᠤ ᠵᠢᠭᠰᠠᠭᠠᠨ | ᠪᠠᠶᠢᠴᠠᠭᠠᠬᠰᠠᠨ ᠰᠠᠭᠤᠷᠢᠨ ᠳᠡᠭᠡᠷ᠎ᠡ᠂ ᠪᠣᠳᠠᠲᠠᠶ ᠢᠯᠴᠢ ᠬᠠᠩᠭᠠᠬᠤ ᠲᠠᠯᠠᠪᠠᠶ ᠵᠢᠴᠢ ᠢᠷᠡᠭᠡᠳᠦᠶ ᠶᠢᠨ ᠬᠥᠭᠵᠢᠯᠲᠡ ᠶᠢᠨ | ᠲᠥᠯᠥᠪᠵᠢᠭᠦᠯᠭᠡ ᠲᠠᠢ ᠤᠶᠠᠯᠳᠤᠭᠤᠯᠤᠨ ᠢᠯᠴᠢ ᠶᠢᠨ ᠬᠦᠴᠦᠨ ᠤ ᠥᠷᠲᠡᠭᠡ ᠶᠢᠨ ᠲᠠᠰ ᠳᠡᠪᠰᠢᠭᠦᠯᠬᠦ | ᠥᠭᠡᠷᠡᠴᠢᠯᠡᠯᠲᠡ ᠶᠢ ᠥᠷᠨᠢᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠬᠡᠷᠡᠭᠵᠢᠭᠦᠯᠬᠦ ᠨᠢᠭᠡᠴᠢ ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 9 ᠰᠠᠷ᠎ᠠ ᠶᠢᠨ 10 ᠤ ᠡᠳᠦᠷ | 15. ᠠᠯᠤᠰ ᠠᠴᠠ ᠳᠤᠯᠠᠭᠠᠨ ᠢ ᠬᠡᠮᠵᠢᠬᠦ ᠬᠡᠮᠵᠢᠭᠦᠷᠯᠢᠭ ᠤᠭᠰᠠᠷᠠᠬᠤ ᠬᠡᠪᠴᠢᠶ᠎ᠡ ᠶᠢ ᠥᠷᠭᠡᠳᠬᠡᠵᠦ᠂ | ᠤᠭᠰᠠᠷᠠᠬᠤ ᠲᠤᠭ᠎ᠠ ᠬᠡᠮᠵᠢᠶ᠎ᠡ ᠶᠢ ᠢᠯᠴᠢ ᠬᠠᠩᠭᠠᠬᠤ ᠣᠷᠣᠨ ᠪᠦᠰᠡ ᠶᠢᠨ ᠰᠠᠭᠤᠭᠠᠯᠢ ᠠᠷᠠᠳ ᠤᠨ ᠶᠡᠷᠦᠩᠬᠡᠶ | ᠡᠷᠦᠬᠡ ᠶᠢᠨ ᠲᠤᠭ᠎ᠠ ᠶᠢᠨ 2% ᠠᠴᠠ ᠳᠤᠲᠠᠭᠤ ᠪᠠᠶᠢᠯᠭᠠᠵᠤ ᠪᠣᠯᠬᠤ ᠥᠬᠡᠶ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠠᠳᠠᠯ ᠠᠬᠤᠶ ᠶᠢᠨ ᠬᠠᠮᠢᠶᠠᠷᠤᠯᠳᠠ ᠶᠢᠨ | ᠺᠣᠮᠫᠠᠨᠢ | ᠬᠡᠷᠡᠭᠵᠢᠭᠦᠯᠬᠦ ᠨᠢᠭᠡᠴᠢ᠄ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 7 ᠰᠠᠷ᠎ᠠ ᠶᠢᠨ 31 ᠤ ᠡᠳᠦᠷ | 16. ᠪᠠᠷᠠᠭᠠᠨ ᠤ ᠰᠦᠯᠵᠢᠶ᠎ᠡ᠂ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠪᠥᠬᠦ ᠲᠤᠭᠤᠷᠢᠭ ᠤᠨ | ᠢᠯᠴᠢ ᠡᠭᠦᠰᠭᠡᠭᠴᠢ᠂ ᠢᠯᠴᠢ ᠬᠠᠩᠭᠠᠬᠤ ᠲᠤᠤᠷ᠂ ᠢᠯᠴᠢ ᠶᠢᠨ ᠬᠦᠴᠦᠨ ᠤ ᠥᠷᠲᠡᠭᠡ᠂ ᠰᠠᠭᠤᠭᠠᠯᠢ ᠠᠷᠠᠳ ᠤᠨ | ᠣᠷᠣᠨ ᠰᠠᠭᠤᠴᠠ ᠶᠢᠨ ᠬᠤᠷᠢᠶᠠᠯᠠᠯ ᠢ ᠴᠠᠭ ᠲᠤᠬᠠᠶ ᠳᠤᠨᠢ ᠬᠢᠨᠠᠨ ᠡᠵᠡᠮᠳᠡᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠡᠷᠡᠭᠵᠢᠭᠦᠯᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 9 ᠰᠠᠷ᠎ᠠ ᠶᠢᠨ 10 ᠤ ᠡᠳᠦᠷ | 17. ᠢᠯᠴᠢ ᠬᠠᠩᠭᠠᠬᠤ ᠶᠢ ᠬᠡᠮᠵᠢᠬᠦ ᠶᠢ ᠡᠮᠬᠢ ᠲᠢᠭᠯᠢᠮ ᠲᠠᠢ ᠠᠬᠢᠭᠤᠯᠵᠤ᠂ ᠮᠡᠳᠡᠭᠡ ᠵᠠᠩᠭᠢᠵᠢᠯᠲᠠ ᠪᠠᠷ | ᠬᠠᠮᠢᠶᠠᠷᠤᠨ ᠡᠵᠡᠮᠳᠡᠬᠦ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠢᠯᠴᠢ ᠡᠭᠦᠰᠭᠡᠭᠴᠢ᠂ ᠢᠯᠴᠢ ᠬᠠᠩᠭᠠᠬᠤ ᠲᠤᠤᠷ᠂ | ᠢᠯᠴᠢ ᠰᠣᠯᠢᠬᠤ ᠥᠷᠲᠡᠭᠡ᠂ ᠦᠵᠦᠬᠦᠷᠯᠢᠭ ᠲᠠᠬᠢ ᠢᠯᠴᠢ ᠬᠡᠷᠡᠭᠯᠡᠭᠴᠢ ᠶᠢᠨ ᠣᠶᠤᠨᠴᠢ ᠬᠤᠯᠪᠣᠭᠠᠯᠠᠨ | ᠬᠦᠳᠡᠯᠦᠯᠴᠡᠬᠦ ᠡᠵᠡᠮᠳᠡᠯ ᠢ ᠪᠡᠶᠡᠯᠡᠭᠦᠯᠵᠦ᠂ ᠢᠯᠴᠢ ᠰᠣᠯᠢᠬᠤ ᠥᠷᠲᠡᠭᠡ ᠳᠤ ᠣᠶᠤᠨᠴᠢᠯᠠᠭᠰᠠᠨ ᠥᠭᠡᠷᠡᠴᠢᠯᠡᠯᠲᠡ | ᠬᠢᠵᠦ᠂ ᠦᠵᠦᠬᠦᠷᠯᠢᠭ ᠲᠠᠬᠢ ᠢᠯᠴᠢ ᠬᠡᠷᠡᠭᠯᠡᠭᠴᠢ ᠡᠷᠦᠬᠡ ᠳᠤ ᠳᠤᠯᠠᠭᠠᠨ ᠢ ᠡᠵᠡᠮᠳᠡᠵᠦ ᠬᠡᠮᠵᠢᠬᠦ ᠲᠤᠨᠤᠭ | ᠲᠥᠬᠦᠭᠡᠷᠦᠮᠵᠢ ᠤᠬᠰᠠᠷᠠᠬᠤ ᠶᠢ ᠨᠡᠮᠡᠭᠳᠡᠭᠦᠯᠦᠨ᠂ ᠳᠤᠯᠠᠭᠠᠨ ᠢ ᠡᠵᠡᠮᠳᠡᠵᠦ ᠬᠡᠮᠵᠢᠬᠦ ᠶᠢ ᠨᠢᠭᠡ ᠴᠣᠭᠴᠠᠵᠢᠭᠤᠯᠬᠤ ᠶᠢ | ᠪᠡᠶᠡᠯᠡᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠲᠣᠭᠤᠷᠢᠭ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠰᠣᠶᠣᠯ | ᠵᠢᠭᠤᠯᠴᠢᠯᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ᠂ ᠡᠯ᠎ᠡ ᠵᠡᠭᠡᠯᠢ ᠭᠤᠳᠤᠮᠵᠢ | ᠪᠠᠯᠭᠠᠰᠤ | ᠬᠡᠷᠡᠭᠵᠢᠭᠦᠯᠬᠦ ᠨᠢᠭᠡᠴᠢ᠄ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ ᠨᠢᠭᠡᠴᠢ᠂ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠡᠯ᠎ᠡ ᠢᠯᠴᠢ ᠬᠠᠩᠭᠠᠬᠤ ᠠᠵᠤ ᠠᠬᠤᠶᠢᠯᠠᠯ᠂ ᠡᠯ᠎ᠡ ᠠᠳᠠᠯ | ᠠᠬᠤᠶ ᠶᠢᠨ ᠬᠠᠮᠢᠶᠠᠷᠤᠯᠲᠠ ᠶᠢᠨ ᠺᠣᠮᠫᠠᠨᠢ᠂ ᠰᠢᠨ᠎ᠡ ᠪᠠᠷ ᠪᠠᠶᠢᠭᠤᠯᠤᠭᠰᠠᠨ ᠬᠡᠷ ᠭᠠᠵᠠᠷ ᠤᠨ ᠬᠥᠷᠥᠩᠭᠡ ᠶᠢᠨ ᠲᠥᠷᠥᠯ | ᠵᠦᠶᠯ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ 9 ᠰᠠᠷ᠎ᠠ ᠶᠢᠨ 30 ᠤ ᠡᠳᠦᠷ | 18. ᠢᠯᠴᠢ ᠬᠠᠩᠭᠠᠬᠤ ᠠᠵᠤ ᠠᠬᠤᠶᠢᠯᠠᠯ ᠬᠢᠭᠡᠳ ᠬᠠᠷᠢᠶ᠎ᠠ ᠤᠷᠤᠨ ᠤ ᠡᠯ᠎ᠡ ᠨᠡᠶᠢᠭᠡᠮ ᠲᠣᠭᠤᠷᠢᠭ ᠤᠨ | ᠬᠤᠭᠤᠷᠤᠨᠳᠤᠬᠢ ᠨᠡᠪᠲᠡᠷᠡᠯᠴᠡᠭᠡ ᠬᠠᠷᠢᠯᠴᠠᠭ᠎ᠠ ᠶᠢ ᠴᠢᠩᠭᠠᠳᠬᠠᠵᠤ᠂ ᠢᠯᠴᠢ ᠬᠠᠩᠭᠠᠬᠤ ᠦᠶᠯᠡᠴᠢᠯᠡᠭᠡ ᠶᠢ | ᠲᠤᠤᠷᠵᠢᠭᠤᠯᠬᠤ᠂ ᠰᠦᠯᠵᠢᠶᠡᠵᠢᠭᠦᠯᠬᠦ ᠶᠢ ᠠᠬᠢᠭᠤᠯᠤᠨ᠂ ᠤᠬᠠᠭᠤᠯᠭ᠎ᠠ ᠶᠢᠨ ᠵᠠᠮ ᠰᠤᠪᠠᠭ ᠢ ᠥᠷᠭᠡᠳᠬᠡᠵᠦ᠂ | ᠲᠤᠤᠷᠵᠢᠭᠤᠯᠤᠯᠳᠠ ᠶᠢᠨ ᠸᠢᠴᠡᠲ ᠴᠤᠬᠯᠠᠷᠠᠯ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠵᠠᠭᠤᠴᠢᠯᠠᠭᠤᠷ ᠢ | ᠭᠦᠶᠴᠡᠳ ᠠᠰᠢᠭᠯᠠᠨ ᠤᠬᠠᠭᠤᠯᠵᠤ᠂ ᠢᠯᠴᠢ ᠬᠡᠷᠡᠭᠯᠡᠬᠦ ᠡᠷᠦᠬᠡ ᠶᠢᠨ ᠢᠯᠴᠢ ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠣᠯᠠᠨ ᠲᠦᠮᠡᠨ ᠤ ᠲᠤᠰᠬᠠᠬᠰᠠᠨ ᠢᠯᠴᠢ ᠬᠡᠷᠡᠭᠯᠡᠬᠦ ᠠᠰᠠᠭᠤᠳᠠᠯ ᠳᠤ ᠴᠠᠭ ᠲᠤᠬᠠᠶ ᠳᠤᠨᠢ | ᠬᠠᠷᠢᠭᠤᠯᠲᠠ ᠥᠭᠭᠦᠨ᠎ᠡ᠃ | ᠲᠦᠷᠦᠭᠦᠯᠠᠨ ᠬᠢᠬᠦ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ | ᠬᠠᠮᠵᠢᠯᠴᠠᠬᠤ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠡᠷᠡᠭᠵᠢᠭᠦᠯᠬᠦ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠢᠯᠴᠢ ᠬᠠᠩᠭᠠᠬᠤ ᠠᠵᠤ ᠠᠬᠤᠶᠢᠯᠠᠯ᠂ | ᠡᠯ᠎ᠡ ᠠᠳᠠᠯ ᠠᠬᠤᠶ ᠶᠢᠨ ᠬᠠᠮᠢᠶᠠᠷᠤᠯᠳᠠ ᠶᠢᠨ ᠺᠣᠮᠫᠠᠨᠢ | ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ | 19. ᠡᠯ᠎ᠡ ᠰᠢᠲᠠᠮᠠᠬᠠᠶ ᠬᠡᠶ ᠶᠢᠨ ᠠᠵᠤ ᠠᠬᠤᠶᠢᠯᠠᠯ ᠠᠴᠠ ᠪᠠᠶᠢᠭᠠᠯᠢ ᠶᠢᠨ ᠰᠢᠲᠠᠮᠠᠬᠠᠶ ᠬᠡᠶ ᠪᠠᠷ ᠠᠷᠢᠭᠤᠨ | ᠴᠡᠪᠡᠷ ᠳᠤᠯᠠᠭᠠᠯᠠᠭ᠎ᠠ ᠬᠦᠷᠳᠡᠬᠦ ᠣᠷᠣᠨ ᠪᠦᠰᠡ ᠶᠢᠨ ᠠᠮᠤᠷ ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠬᠠᠮᠢᠶᠠᠷᠤᠯᠲᠠ | ᠪᠠ ᠡᠪᠦᠯ ᠤᠨ ᠤᠯᠠᠷᠢᠯ ᠤᠨ ᠠᠮᠤᠷ ᠲᠦᠪᠰᠢᠨ ᠢᠶᠠᠷ ᠳᠤᠯᠠᠭᠠᠯᠠᠭ᠎ᠠ ᠬᠦᠷᠳᠡᠬᠦ ᠤᠬᠠᠭᠤᠯᠭ᠎ᠠ ᠪᠠᠨ ᠴᠢᠩᠭᠠᠳᠬᠠᠬᠤ ᠶᠢᠨ | ᠬᠠᠮᠲᠤ᠂ ᠤᠯᠠᠷᠢᠯ ᠤᠨ ᠴᠢᠨᠠᠷᠲᠠᠶ ᠣᠨᠴᠠᠯᠢᠭ ᠲᠠᠢ ᠤᠶᠠᠯᠳᠤᠭᠤᠯᠤᠨ ᠲᠤᠰᠬᠠᠶ ᠠᠵᠢᠯ ᠤᠨ ᠡᠩᠨᠡᠭᠡ ᠶᠢ ᠪᠠᠶᠢᠭᠤᠯᠵᠤ | ᠢᠯᠴᠢ ᠬᠡᠷᠡᠭᠯᠡᠭᠴᠢᠳ ᠤᠨ ᠦᠶᠯᠡᠴᠢᠯᠡᠭᠡ ᠪᠠ ᠡᠳᠦᠷ ᠲᠤᠲᠤᠮ ᠤᠨ ᠬᠤᠭᠤᠯᠠᠶ ᠶᠢᠨ ᠱᠤᠭᠤᠮ ᠢ ᠲᠣᠭᠤᠷᠢᠨ | ᠪᠠᠶᠢᠴᠠᠭᠠᠬᠤ ᠶᠢ ᠰᠠᠶᠢᠲᠤᠷ ᠬᠢᠬᠦ ᠶᠢᠨ ᠬᠠᠮᠲᠤ᠂ ᠡᠬᠢᠨ ᠤ ᠬᠡᠯᠬᠢᠶ᠎ᠡ ᠶᠢᠨ ᠰᠢᠲᠠᠮᠠᠬᠠᠶ ᠬᠡᠶ ᠶᠢᠨ ᠢᠷᠡᠯᠲᠡ ᠶᠢᠨ ᠠᠵᠤ | ᠠᠬᠤᠶᠢᠯᠠᠯ ᠯᠤᠭ᠎ᠠ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠳᠬᠠᠵᠤ᠂ ᠰᠢᠲᠠᠮᠠᠬᠠᠶ ᠬᠡᠶ ᠶᠢᠨ | ᠢᠷᠡᠯᠲᠡ ᠶᠢᠨ ᠲᠣᠭᠲᠠᠭᠤᠨ᠂ ᠬᠠᠩᠭᠠᠯᠭ᠎ᠠ ᠭᠦᠶᠴᠡᠳ ᠪᠠᠶᠢᠬᠤ ᠶᠢ ᠦᠨᠡᠨᠬᠦ ᠪᠠᠲᠤᠯᠠᠨ᠎ᠠ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠪᠠᠯᠭᠠᠰᠤ | ᠬᠠᠮᠵᠢᠯᠴᠠᠬᠤ ᠨᠢᠭᠡᠴᠢ᠄ ᠪᠤᠭᠤᠲᠤ ᠬᠤᠲᠠ ᠶᠢᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠵᠥᠩ ᠬᠤᠤ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ | ᠬᠡᠷᠡᠭᠵᠢᠭᠦᠯᠬᠦ ᠨᠢᠭᠡᠴᠢ᠄ ᠪᠤᠭᠤᠲᠤ ᠬᠤᠲᠠ ᠶᠢᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠵᠥᠩ ᠬᠤᠤ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ | ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠦᠷᠭᠦᠯᠵᠢᠯᠡᠨ ᠪᠠᠬᠢᠵᠢᠭᠦᠯᠦᠨ | ᠳᠡᠭᠡᠭᠰᠢᠯᠡᠭᠦᠯᠦᠨ᠎ᠡ | ︵ᠭᠤᠷᠪᠠ︶ ᠬᠥᠭᠵᠢᠯᠲᠡ ᠶᠢᠨ ᠱᠠᠲᠤ ︵2024 ᠣᠨ ᠤ 9 ᠰᠠᠷ᠎ᠠ ᠶᠢᠨ ᠡᠴᠦᠰ ᠠᠴᠠ ᠡᠬᠢᠯᠡᠨ᠎ᠡ︶ | 20. ᠡᠮᠦᠨᠡᠬᠢ ᠬᠤᠭᠤᠴᠠᠭᠠᠨ ᠤ ᠵᠢᠭᠰᠠᠭᠠᠨ ᠪᠠᠶᠢᠴᠠᠭᠠᠬᠰᠠᠨ ᠪᠠᠶᠢᠳᠠᠯ ᠲᠠᠢ ᠤᠶᠠᠯᠳᠤᠭᠤᠯᠤᠨ᠂ ᠬᠡᠷᠡᠭᠯᠡᠭᠰᠡᠨ | ᠵᠢᠯ ᠬᠤᠭᠤᠴᠠᠭ᠎ᠠ ᠨᠢ 15 ᠵᠢᠯ ᠠᠴᠠ ᠳᠡᠭᠡᠭᠰᠢ᠂ ᠭᠤᠭᠤᠵᠢᠵᠤ ᠡᠪᠳᠡᠷᠡᠬᠦ ᠪᠠᠶᠢᠳᠠᠯ ᠨᠢ ᠨᠡᠯᠢᠶᠡᠳ ᠬᠦᠨᠳᠦ | ᠨᠣᠴᠢᠲᠠᠶ᠂ ᠦᠨᠡᠨᠬᠦ ᠰᠢᠨᠡᠳᠭᠡᠨ ᠥᠭᠡᠷᠡᠴᠢᠯᠡᠬᠦ ᠴᠢᠬᠤᠯᠠᠲᠠᠶ ᠠᠩᠬᠠᠨ ᠤ ᠤᠬᠰᠠᠷᠠᠬᠰᠠᠨ ᠪᠠ ᠬᠤᠶᠠᠳᠠᠬᠢ ᠬᠤᠭᠤᠯᠠᠶ | ᠶᠢᠨ ᠲᠤᠤᠷ ᠵᠢᠴᠢ ᠤᠷᠤᠴᠠ ᠶᠢᠨ ᠪᠤᠰᠤᠭ᠎ᠠ ᠬᠤᠭᠤᠯᠠᠢ ᠶᠢ ᠰᠢᠨᠡᠳᠭᠡᠨ ᠦᠬᠡᠷᠡᠴᠢᠯᠡᠬᠦ ᠥᠭᠡᠷᠡᠴᠢᠯᠡᠯᠲᠡ ᠶᠢ | ᠪᠡᠶᠡᠯᠡᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ | ᠬᠡᠷᠡᠭᠵᠢᠭᠦᠯᠬᠦ ᠨᠢᠭᠡᠴᠢ᠄ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠢᠯᠴᠢ ᠬᠠᠩᠭᠠᠬᠤ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ ᠄ 2025 ᠣᠨ ᠤ 9 ᠰᠠᠷ᠎ᠠ ᠶᠢᠨ 10 ᠤ ᠡᠳᠦᠷ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠭᠤᠣᠯ ᠬᠠᠷᠢᠭᠤᠴᠠᠯᠭᠠᠲᠠᠨ ᠨᠥᠬᠦᠳ ᠦᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠵᠤ᠂ | ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ | ᠬᠡᠷᠡᠭᠲᠡᠢ᠃ ᠲᠤᠰᠬᠠᠶ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ᠂ ᠲᠤᠰᠬᠠᠶ ᠠᠩᠭᠢ ᠪᠠᠶᠢᠭᠤᠯᠵᠤ᠂ ᠠᠵᠢᠯ ᠲᠥᠷᠥᠯ ᠤᠨ ᠵᠢᠯᠣᠭᠤᠳᠣᠯᠭ᠎ᠠ ᠪᠠᠨ | ᠴᠢᠩᠭᠠᠳᠬᠠᠨ᠂ ︽ᠲᠤᠯᠠᠭᠠᠯᠠᠭ᠎ᠠ ᠶᠢᠨ ᠢᠨᠵᠧᠨᠧᠷᠢᠩ︾ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ | ᠲᠦᠭᠵᠢᠷᠡᠯ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠵᠦ᠂ ᠵᠡᠷᠭᠡ ᠪᠠᠷ ᠠᠳᠬᠤᠨ | ᠬᠠᠮᠲᠤ ᠪᠠᠷ ᠬᠠᠮᠢᠶᠠᠷᠬᠤ ᠬᠠᠮᠳᠤᠷᠠᠯ ᠬᠦᠴᠦᠨ ᠢ ᠪᠦᠷᠢᠯᠳᠦᠬᠦᠯᠬᠦ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠶᠯ ᠤᠨ | ᠬᠡᠷᠡᠭᠵᠢᠭᠦᠯᠦᠯᠲᠡ ᠶᠢ ᠨᠢᠭᠡᠳᠦᠯᠲᠡᠶ ᠲᠦᠯᠦᠪᠵᠢᠬᠦᠯᠬᠦ ᠬᠡᠷᠡᠭᠳᠡᠢ᠃ ᠲᠤᠭᠤᠷᠢᠭ ᠤᠨ ᠵᠠᠰᠠᠭ ᠤᠨ ᠣᠷᠳᠣᠨ ᠤ ᠡᠷᠬᠡ | ᠲᠤᠰᠢᠶᠠᠯ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ᠂ ᠢᠯᠴᠢ ᠬᠠᠩᠭᠠᠬᠤ ᠲᠠᠯᠠᠪᠠᠶ ᠯᠤᠭ᠎ᠠ ᠬᠠᠷᠢᠯᠴᠠᠨ | ᠳᠣᠭᠢᠷᠠᠯᠴᠠᠭᠰᠠᠨ ᠣᠨ ᠤ ᠢᠯᠴᠢ ᠬᠠᠩᠭᠠᠬᠤ ᠪᠠᠲᠤᠯᠠᠭ᠎ᠠ ᠶᠢᠨ ᠪᠠᠯᠠ ᠮᠥᠩᠭᠦ ᠶᠢ ᠳᠣᠭᠢᠷᠠᠭᠤᠯᠵᠤ᠂ ᠬᠤᠲᠠ | ᠪᠠᠯᠭᠠᠰᠤ ᠶᠢᠨ ᠢᠯᠴᠢ ᠬᠠᠩᠭᠠᠬᠤ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠪᠠᠲᠤᠯᠠᠭ᠎ᠠ ᠶᠢᠨ ᠠᠵᠢᠯ ᠢ ᠰᠠᠶᠢᠲᠤᠷ | ᠬᠢᠵᠦ᠂ ᠡᠯ᠎ᠡ ᠢᠯᠴᠢ ᠬᠠᠩᠭᠠᠬᠤ ᠨᠢᠭᠡᠴᠢ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠤᠨ ᠪᠣᠳᠠᠲᠠᠶᠢᠵᠢᠭᠤᠯᠬᠤ ᠶᠢ ᠨᠢᠭᠡᠳᠦᠯᠲᠡᠶ ᠲᠦᠯᠦᠪᠵᠢᠬᠦᠯᠦᠨ᠂ | ᠡᠳᠦᠷ ᠲᠤᠲᠤᠮ ᠤᠨ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ ᠠᠵᠢᠯ ᠤᠨ | ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠡᠭᠦᠷᠭᠡᠯᠡᠵᠦ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠪᠠᠯᠠ ᠴᠤᠭᠯᠠᠭᠤᠯᠬᠤ | ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠢᠯᠴᠢ ᠬᠠᠩᠭᠠᠬᠤ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠬᠤ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠷᠡᠭᠵᠢᠭᠦᠯᠬᠦ ᠦᠷ᠎ᠡ | ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠥᠨᠳᠡᠯᠡᠨ | ᠲᠣᠭᠤᠷᠢᠭ ᠤᠨ ︽ᠲᠤᠯᠠᠭᠠᠯᠠᠭ᠎ᠠ ᠶᠢᠨ ᠢᠨᠵᠧᠨᠧᠷᠢᠩ︾ ᠤᠨ ᠪᠦᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠬᠢᠵᠦ᠂ | ᠲᠤᠬᠢᠷᠠᠭᠤᠯᠬᠤ ᠵᠠᠷᠯᠠᠨ ᠨᠡᠶᠢᠳᠡᠯᠡᠬᠦ᠂ ᠱᠠᠯᠠᠪᠳᠠᠭᠤᠯᠤᠨ ᠰᠢᠢᠳᠪᠦᠷᠢᠯᠡᠬᠦᠯᠬᠦ ᠲᠤᠰᠢᠶᠠᠨ ᠰᠢᠢᠳᠪᠦᠷᠢᠯᠡᠭᠦᠯᠬᠦ᠂ | ᠰᠡᠷᠡᠮᠵᠢᠯᠡᠭᠦᠯᠬᠦ ᠰᠠᠨᠠᠭᠤᠯᠭ᠎ᠠ᠂ ᠭᠤᠣᠯᠳᠠᠯᠭ᠎ᠠ ᠲᠠᠢ ᠪᠣᠯᠵᠣᠨ ᠶᠠᠷᠢᠯᠴᠠᠬᠤ ᠵᠡᠷᠭᠡ ᠠᠵᠢᠯ ᠤᠨ ᠲᠣᠭᠲᠠᠴᠠ ᠶᠢ | ᠪᠠᠶᠢᠭᠤᠯᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠴᠦᠰ ᠲᠤᠨᠢ ᠲᠤᠯᠲᠠᠯ᠎ᠠ ᠠᠳᠬᠤᠬᠤ | ᠬᠡᠷᠡᠭᠲᠡᠢ᠃ ᠠᠵᠢᠯ ᠤᠨ ᠠᠬᠢᠴᠠ ᠤᠳᠠᠭᠠᠨ ᠪᠠᠶᠢᠬᠤ ᠶᠢ ᠵᠠᠷᠯᠠᠨ ᠨᠡᠶᠢᠳᠡᠯᠡᠬᠦ ᠬᠡᠷᠡᠭᠲᠡᠶ︔ ᠠᠰᠠᠭᠤᠳᠠᠯ ᠨᠢ ᠬᠦᠨᠳᠦ | ᠨᠣᠴᠢᠲᠠᠢ ᠪᠠᠶᠢᠪᠠᠯ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠬᠡᠷᠡᠭᠲᠡᠢ︔ ᠠᠵᠢᠯ ᠤᠨ | ᠳᠤᠮᠳᠠ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ ᠤᠳᠤᠷᠢᠳᠬᠤ ᠺᠠᠳ᠋ᠷ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ ᠮᠥᠨ ᠬᠦ | ᠢᠯᠴᠢ ᠬᠠᠩᠭᠠᠬᠤ ᠨᠢ ᠪᠠᠷᠢᠮᠵᠢᠶ᠎ᠠ ᠳᠤ ᠬᠥᠷᠬᠦ ᠥᠬᠡᠶ᠂ ᠣᠯᠠᠨ ᠲᠦᠮᠡᠨ ᠤ ᠲᠤᠰᠬᠠᠯ ᠴᠢᠩᠭ᠎ᠠ᠂ ᠬᠦᠨᠳᠦ ᠨᠤᠴᠢᠲᠠᠢ | ᠨᠡᠶᠢᠭᠡᠮ ᠤᠨ ᠦᠷ᠎ᠡ ᠨᠥᠯᠥᠭᠡ ᠶᠢ ᠪᠤᠢ ᠪᠤᠯᠭᠠᠬᠰᠠᠨ ᠲᠣᠪᠤᠶᠢᠮ᠎ᠠ ᠠᠰᠠᠭᠤᠳᠠᠯ ᠲᠠᠢ ᠬᠠᠷᠢᠭᠤᠴᠠᠯᠭᠠᠲᠤ ᠠᠵᠤ | ᠠᠬᠤᠶᠢᠯᠠᠯ ᠢ ᠬᠤᠲᠠ ᠶᠢᠨ ᠱᠠᠲᠤᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ | ᠢᠯᠴᠢ ᠬᠠᠩᠭᠠᠬᠤ ᠵᠠᠬ᠎ᠠ ᠳᠡᠯᠭᠡᠭᠦᠷ ᠠᠴᠠ ᠬᠦᠬᠡᠬᠡᠵᠤ ᠭᠠᠷᠭᠠᠨ᠎ᠠ᠃ | ︵ᠳᠥᠷᠪᠡ︶ ᠣᠯᠠᠨ ᠲᠦᠮᠡᠨ ᠤ ᠠᠰᠠᠭᠤᠳᠠᠯ ᠲᠤᠰᠬᠠᠬᠤ ᠵᠠᠮ ᠰᠤᠪᠠᠭ ᠢ ᠰᠢᠯᠤᠭᠤᠳᠬᠠᠵᠤ᠂ | ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ ᠬᠠᠷᠢᠭᠤᠯᠲᠠ ᠥᠭᠴᠦ ᠬᠥᠲᠥᠯᠥᠨ ᠵᠢᠯᠣᠭᠤᠳᠬᠤ ᠠᠵᠢᠯ ᠢ ᠰᠠᠶᠢᠲᠤᠷ | ᠬᠢᠬᠦ ᠬᠡᠷᠡᠭᠲᠡᠢ᠃ ᠡᠯ᠎ᠡ ᠵᠡᠭᠡᠯᠢ ᠭᠤᠳᠤᠮᠵᠢ ᠪᠠᠯᠭᠠᠰᠤ ᠲᠤᠰ ᠲᠤᠰ ᠤᠨ ᠡᠭᠦᠷᠭᠡ ᠲᠤᠰᠢᠶᠠᠯ ᠳᠠᠭᠠᠨ ᠰᠠᠭᠤᠷᠢᠯᠠᠨ᠂ | ᠲᠤᠤᠷᠵᠢᠭᠤᠯᠤᠯᠲᠠ ᠶᠢᠨ ᠠᠵᠢᠯᠲᠠᠳ ᠢ ᠵᠣᠬᠢᠶᠠᠨ ᠪᠠᠶᠢᠭᠤᠯᠤᠨ ᠢᠯᠴᠢ ᠬᠠᠩᠭᠠᠬᠤ ᠥᠭᠡᠷᠡᠴᠢᠯᠡᠯᠲᠡ ᠶᠢᠨ | ᠶᠠᠪᠤᠴᠠ ᠳᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠤᠯᠠᠨ ᠲᠦᠮᠡᠨ ᠯᠦᠭᠡ ᠰᠠᠶᠢᠲᠤᠷ ᠨᠡᠪᠲᠡᠷᠡᠯᠴᠡᠨ | ᠬᠠᠷᠢᠭᠤᠯᠲᠠ ᠥᠭᠴᠦ᠂ ᠢᠯᠴᠢ ᠬᠠᠩᠭᠠᠬᠤ ᠥᠭᠡᠷᠡᠴᠢᠯᠡᠯᠲᠡ ᠶᠢᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠬᠤ ᠶᠢᠨ ᠬᠠᠮᠲᠤ᠂ ᠡᠯ᠎ᠡ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠢ ᠱᠠᠯᠠᠪᠳᠠᠭᠤᠯᠵᠤ | ᠰᠢᠨᠡᠳᠭᠡᠨ ᠥᠭᠡᠷᠡᠴᠢᠯᠡᠬᠦ ᠠᠵᠢᠯ ᠳᠤ ᠬᠠᠪᠰᠤᠷᠤᠯᠭ᠎ᠠ ᠦᠵᠡᠬᠦᠯᠵᠦ᠂ ᠢᠨᠵᠧᠨᠧᠷᠢᠩ ᠤᠨ ᠤᠷᠤᠭᠰᠢᠲᠠᠶ | ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ |