︽ᠬᠥᠨᠳᠡᠯᠡᠨ ᠲᠣᠭᠤᠷᠢᠭ ᠤᠨ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠲᠠᠷᠤᠮᠠᠯᠯᠠᠨ ᠲᠠᠷᠬᠠᠭᠠᠬᠤ ᠲᠤᠬᠠᠢ ᠬᠥᠨᠳᠡᠯᠡᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠪᠠ ﹇ | 2024﹈ 6 ᠳ᠋ᠤᠭᠠᠷ ᠲᠣᠭᠠᠲᠤ | | ᠲᠣᠭᠤᠷᠢᠭ ᠲᠤ ᠰᠠᠭᠤᠭ᠎ᠠ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄ | ᠲᠤᠭᠤᠷᠢᠭ ᠤᠨ ᠵᠠᠰᠠᠭ ᠤᠨ ᠣᠷᠳᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠵᠦ ᠪᠠᠲᠤᠯᠠᠭᠤᠯᠤᠭᠠᠳ᠂ ︽ᠬᠥᠨᠳᠡᠯᠡᠨ ᠲᠣᠭᠤᠷᠢᠭ ᠤᠨ ᠠᠮᠢ ᠠᠬᠤᠶ ᠶᠢᠨ ᠦᠢᠯᠡᠳᠬᠦᠨ ᠤ ᠥᠷᠲᠡᠭ ᠢ | ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠡᠳᠦᠭᠡ ᠲᠠ | ᠨᠠᠷ ᠲᠤ ᠳᠠᠷᠤᠮᠠᠯᠯᠠᠨ ᠲᠠᠷᠬᠠᠭᠠᠶ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | 2024 ᠣᠨ ᠤ 1 ᠰᠠᠷ᠎ᠠ ᠶᠢᠨ 2 ᠤᠨ ᠡᠳᠦᠷ | | | ᠬᠥᠨᠳᠡᠯᠡᠨ ᠲᠣᠭᠤᠷᠢᠭ ᠤᠨ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠲᠥᠰᠦᠯ | | ︽︿ᠠᠮᠢ ᠠᠬᠤᠶ ᠶᠢᠨ ᠦᠶᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ | ᠲᠤᠬᠠᠶ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠪᠠ 〔2022〕5 ᠳ᠋ᠤᠭᠠᠷ ᠲᠣᠭᠠᠲᠤ︶᠂ ︽︿ᠠᠮᠢ ᠠᠬᠤᠶ ᠶᠢᠨ | ᠦᠶᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠶ ᠬᠡᠷᠡᠭᠵᠢᠭᠦᠯᠬᠦ | ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠮᠡᠳᠡᠭᠳᠡᠯ︾ ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | ᠲᠠᠷᠬᠠᠭᠠᠪᠠ〔2022〕161 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠠᠮᠢ ᠠᠬᠤᠶ ᠶᠢᠨ ᠦᠶᠯᠡᠳᠬᠦᠨ ᠤ ᠥᠷᠲᠡᠭ ᠢ ᠪᠡᠶᠡᠯᠡᠭᠦᠯᠬᠦ | ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠬᠤ ᠶᠢᠨ ᠲᠦᠯᠦᠬᠡ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ ᠂ ᠲᠣᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠰᠤᠷᠤᠯᠴᠠᠵᠤ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠦᠷᠢᠵᠢᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ | ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠦᠷᠦ ᠶᠢᠨ ᠪᠤᠳᠤᠯᠭ᠎ᠠ ᠲᠦᠷᠢᠮ ᠢ ᠲᠡᠭᠦᠯᠳᠡᠷᠵᠢᠭᠦᠯᠵᠦ᠂ ︽ᠬᠥᠬᠡᠮᠳᠦᠭ | ᠨᠣᠭᠤᠭᠠᠨ ᠠᠭᠤᠯᠠ ᠤᠰᠤ︾ ᠪᠣᠯᠤᠨ ︽ᠠᠯᠳᠠ ᠮᠥᠩᠭᠦᠨ ᠠᠭᠤᠯᠠ︾ ᠶᠢ ᠬᠤᠣᠰ ᠴᠢᠭᠯᠡᠯ ᠢᠶᠠᠷ | ᠣᠨᠳᠣᠣᠰᠢᠭᠤᠯᠬᠤ ᠵᠠᠮ ᠵᠢᠴᠢ ᠪᠡᠶᠡᠯᠡᠭᠦᠯᠬᠦ ᠠᠷᠭ᠎ᠠ ᠵᠠᠮ ᠢ ᠨᠡᠪᠲᠡᠷᠡᠭᠦᠯᠵᠦ᠂ ᠠᠮᠢ ᠠᠬᠤᠢ ᠶᠢ ᠠᠵᠤ | ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠶᠢ ᠠᠬᠢᠭᠤᠯᠵᠤ᠂ ᠠᠮᠢ ᠠᠬᠤᠶ ᠶᠢ ᠤᠷᠢᠳ ᠢᠶᠠᠷ | ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ | ᠵᠠᠭᠪᠤᠷ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ | ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ | ᠬᠤᠶᠠᠷ᠂ ᠭᠤᠣᠯ ᠬᠠᠷᠠᠯᠲᠠ | 2025 ᠣᠨ ᠪᠣᠯᠬᠤ ᠳᠤ᠂ ᠠᠮᠢ ᠠᠬᠤᠶ ᠶᠢᠨ ᠦᠶᠯᠡᠳᠬᠦᠨ ᠤ ᠥᠷᠲᠡᠭ ᠢ ᠪᠡᠶᠡᠯᠡᠭᠦᠯᠬᠦ ᠲᠦᠷᠢᠮ ᠤᠨ | ᠪᠦᠲᠦᠭᠦᠪᠴᠢ ᠲᠦᠰᠦᠪ ᠢ ᠠᠩᠬ᠎ᠠ ᠠᠯᠬᠤᠮ ᠪᠦᠷᠢᠯᠳᠦᠭᠦᠯᠵᠦ᠂ ᠠᠮᠢ ᠠᠬᠤᠶ ᠶᠢᠨ ᠦᠶᠯᠡᠳᠬᠦᠨ ᠤ ᠥᠷᠲᠡᠭ ᠢ | ᠬᠢᠨᠠᠨ ᠪᠤᠳᠤᠬᠤ ᠨᠡᠯᠢᠶᠡᠳ ᠰᠢᠨᠵᠢᠯᠡᠬᠦ ᠤᠬᠠᠭᠠᠨᠴᠢ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠪᠠ ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠲᠥᠷᠥ ᠶᠢᠨ ᠪᠣᠳᠣᠯᠭ᠎ᠠ ᠲᠦᠷᠢᠮ ᠢ ᠠᠯᠬᠤᠮ ᠠᠯᠬᠤᠮ ᠢᠶᠠᠷ | ᠲᠡᠭᠦᠯᠳᠡᠷᠵᠢᠭᠦᠯᠵᠦ᠂ ᠠᠮᠢ ᠠᠬᠤᠶ ᠶᠢᠨ ᠦᠶᠯᠡᠳᠬᠦᠨ ᠤ ᠥᠷᠲᠡᠭ ᠢ ᠪᠡᠶᠡᠯᠡᠭᠦᠯᠬᠦ ᠵᠠᠰᠠᠭ ᠤᠨ ᠣᠷᠳᠣᠨ ᠤ ᠬᠢᠨᠠᠨ | ᠰᠢᠯᠭᠠᠵᠤ ᠦᠨᠡᠯᠡᠬᠦ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠵᠦ᠂ ᠠᠮᠢ ᠠᠬᠤᠶ ᠶᠢᠨ ᠦᠶᠯᠡᠳᠬᠦᠨ ᠤ ︽ | ᠬᠡᠮᠵᠢᠶᠡᠯᠡᠬᠦ ᠳᠤ ᠬᠦᠴᠢᠷ᠂ ᠪᠠᠷᠢᠴᠠᠭᠠᠯᠠᠬᠤ ᠳᠤ ᠬᠦᠴᠢᠷ᠂ ᠠᠷᠠᠯᠵᠢᠶᠠᠯᠠᠬᠤ ᠳᠤ ᠬᠦᠴᠢᠷ᠂ ᠪᠡᠯᠡᠨ ᠮᠥᠩᠭᠦ | ᠪᠣᠯᠭᠠᠬᠤ ᠳᠤ ᠬᠦᠴᠢᠷ︾ ᠵᠡᠷᠭᠡ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ᠂ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ ᠠᠰᠢᠭ ᠲᠤᠰᠠ ᠶᠢᠨ ᠤᠳᠤᠷᠢᠳᠤᠮᠵᠢ ᠶᠢᠨ ᠲᠣᠭᠲᠠᠴᠠ ᠶᠢ ᠦᠨᠳᠦᠰᠦᠨ ᠳᠡᠭᠡᠨ | ᠪᠦᠷᠢᠯᠳᠦᠭᠦᠯᠵᠦ᠂ ᠠᠮᠢ ᠠᠬᠤᠶ ᠶᠢᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ | ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃ 2035 ᠣᠨ ᠪᠣᠯᠬᠤ ᠳᠤ᠂ ᠠᠮᠢ ᠠᠬᠤᠶ ᠶᠢᠨ ᠦᠶᠯᠡᠳᠬᠦᠨ ᠤ | ᠥᠷᠲᠡᠭ ᠢ ᠪᠡᠶᠡᠯᠡᠭᠦᠯᠬᠦ ᠪᠦᠷᠢᠨ ᠲᠡᠭᠦᠯᠳᠡᠷ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠬᠥᠨᠳᠡᠯᠡᠨ | ᠲᠣᠭᠤᠷᠢᠭ ᠤᠨ ᠣᠨᠴᠠᠯᠢᠭ ᠲᠠᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠵᠠᠭᠪᠤᠷ ᠢ ᠪᠥᠬᠦ | ᠲᠠᠯ᠎ᠠ ᠪᠠᠷ ᠪᠦᠷᠢᠯᠳᠦᠭᠦᠯᠵᠦ᠂ ᠪᠣᠬᠢᠷᠲᠤᠯ ᠥᠬᠡᠶ ᠦᠶᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠥᠷᠭᠡᠨ ᠢᠶᠠᠷ | ᠪᠦᠷᠢᠯᠳᠦᠭᠦᠯᠵᠦ᠂ ᠦᠵᠡᠰᠬᠦᠯᠡᠩᠲᠦ ᠰᠠᠶᠢᠬᠠᠨ ᠪᠤᠭᠤᠲᠤ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠭᠤᠷᠪᠠ᠂ ᠠᠮᠢ ᠠᠬᠤᠶ ᠶᠢᠨ ᠦᠶᠯᠡᠳᠬᠦᠨ ᠢ ᠬᠢᠨᠠᠨ ᠬᠡᠮᠵᠢᠬᠦ ᠪᠠ ᠥᠷᠲᠡᠭ ᠤᠨ ᠲᠣᠭᠠᠴᠠᠭ᠎ᠠ ᠬᠢᠬᠦ | ᠲᠣᠭᠲᠠᠴᠠ ᠶᠢ ᠪᠠᠶᠢᠭᠤᠯᠤᠨ᠎ᠠ | ︵ᠨᠢᠭᠡ︶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠲᠠᠩᠰᠠᠯᠠᠬᠤ ᠠᠵᠢᠯ ᠢ | ᠠᠬᠢᠭᠤᠯᠤᠨ᠎ᠠ | 1. ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠣᠭᠲᠠᠭᠠᠵᠤ ᠲᠠᠩᠰᠠᠯᠠᠬᠤ ᠳᠦᠷᠢᠮ ᠤᠨ | ᠵᠢᠷᠤᠮᠵᠢᠯ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ | ᠲᠠᠩᠰᠠᠯᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠦᠬᠦ ᠠᠷᠠᠳ ᠤᠨ ᠥᠮᠴᠢᠯᠡᠯ ᠪᠠ ᠬᠠᠮᠲᠤ ᠶᠢᠨ | ᠥᠮᠴᠢᠯᠡᠯ ᠤᠨ ᠬᠤᠭᠤᠷᠣᠨᠳᠣᠬᠢ ᠵᠠᠭᠠᠭ ᠬᠢᠵᠠᠭᠠᠷ ᠢ ᠢᠯᠭᠠᠨ ᠲᠣᠳᠣᠷᠬᠠᠶᠢᠯᠠᠵᠤ᠂ ᠪᠦᠬᠦ ᠲᠤᠭᠤᠷᠢᠭ ᠤᠨ ᠤᠯᠤᠰ ᠤᠨ | ᠨᠤᠲᠤᠭ ᠲᠡᠪᠢᠰᠭᠡᠷ ᠤᠨ ᠣᠷᠣᠨ ᠵᠠᠶ ᠶᠢᠨ ᠳᠣᠲᠣᠷᠠᠬᠢ ᠪᠠᠶᠢᠭᠠᠯᠢ ᠶᠢᠨ ᠡᠬᠢ ᠪᠠᠶᠠᠯᠢᠭ ᠢ ᠲᠠᠩᠰᠠᠯᠠᠬᠤ ᠶᠢ ᠪᠦᠬᠦᠨ ᠢ | ᠪᠦᠷᠬᠦᠭᠦᠯᠬᠦ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ | ᠭᠤᠤᠯ ᠴᠣᠭᠴᠠ ᠶᠢ ᠲᠣᠳᠣᠷᠬᠠᠶ ᠵᠠᠭᠠᠭᠯᠠᠨ ᠲᠣᠭᠲᠠᠭᠠᠵᠤ᠂ ᠥᠮᠴᠢᠯᠡᠬᠦ ᠡᠷᠬᠡ ᠬᠢᠭᠡᠳ ᠬᠡᠷᠡᠭᠯᠡᠬᠦ ᠡᠷᠬᠡ ᠶᠢᠨ ᠵᠠᠭᠠᠭ | ᠬᠢᠵᠠᠭᠠᠷ ᠢ ᠢᠯᠭᠠᠨ ᠲᠤᠳᠤᠷᠬᠠᠶᠢᠯᠠᠨ᠎ᠠ᠃ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠦᠷᠦᠩᠭᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠭᠠᠵᠠᠷ | ᠰᠢᠷᠣᠶ ᠨᠥᠭᠡᠴᠡᠯᠡᠬᠦ᠂ ᠬᠠᠮᠢᠶᠠᠷᠴᠤ ᠬᠠᠮᠠᠭᠠᠯᠠᠬᠤ ᠪᠠ ᠲᠦᠷ ᠴᠠᠭ ᠠᠰᠢᠭᠯᠠᠬᠤ ᠳᠦᠷᠢᠮ ᠵᠢᠴᠢ ᠭᠠᠵᠠᠷ ᠰᠢᠷᠣᠶ᠂ | ᠠᠭᠤᠷᠬᠠᠶ ᠶᠢᠨ ᠭᠠᠷᠤᠯᠲᠠ ᠶᠢᠨ ᠠᠰᠢᠭ ᠣᠯᠵᠠᠪᠤᠷᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠪᠠ ᠡᠷᠬᠡ ᠠᠰᠢᠭ ᠢ | ᠪᠡᠶᠡᠯᠡᠭᠦᠯᠬᠦ ᠠᠷᠭ᠎ᠠ ᠵᠠᠮ ᠢ ᠥᠷᠭᠡᠳᠬᠡᠵᠦ᠂ ᠬᠢᠮᠳᠠ ᠦᠨ᠎ᠡ ᠪᠠᠷ ᠬᠤᠳᠠᠯᠳᠤᠬᠤ᠂ ᠡᠵᠡᠩᠨᠡᠯᠲᠡ ᠶᠢᠨ ᠡᠷᠬᠡ ᠶᠢ | ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ᠂ ᠬᠤᠪᠢ ᠣᠷᠣᠭᠤᠯᠬᠤ ᠵᠡᠷᠭᠡ ᠡᠷᠬᠡ | ᠬᠠᠷᠢᠭᠤᠴᠠᠯᠭ᠎ᠠ ᠶᠢᠨ ᠬᠠᠷᠢᠶᠠᠯᠠᠯ ᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ | ᠡᠷᠬᠡ ᠶᠢ ᠨᠢᠭᠡᠳᠦᠯᠲᠡᠶ ᠨᠤᠲᠠᠯᠠᠨ ᠲᠤᠭᠲᠠᠭᠠᠵᠤ ᠲᠠᠩᠰᠠᠯᠠᠬᠤ ᠳᠤ ᠲᠦᠰᠢᠭᠯᠡᠨ ᠠᠮᠢ ᠠᠬᠤᠶ ᠶᠢᠨ ᠦᠢᠯᠡᠳᠬᠦᠨ ᠤ | ᠡᠷᠬᠡ ᠬᠠᠷᠢᠭᠤᠴᠠᠯᠭ᠎ᠠ ᠶᠢᠨ ᠬᠠᠷᠢᠶᠠᠯᠠᠯ ᠢ ᠲᠣᠳᠣᠷᠬᠠᠶᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ | ᠨᠢᠭᠡᠳᠦᠯᠲᠡᠶ ᠨᠤᠲᠠᠯᠠᠨ ᠲᠤᠭᠲᠠᠭᠠᠵᠤ ᠲᠠᠩᠰᠠᠯᠠᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠤᠭᠲᠠᠭᠠᠵᠤ ᠲᠠᠩᠰᠠᠯᠠᠬᠤ ᠮᠡᠳᠡᠭᠡ ᠵᠠᠩᠭᠢ ᠶᠢ ᠨᠢᠭᠡᠳᠦᠯᠲᠡᠶ | ᠬᠠᠮᠢᠶᠠᠷᠬᠤ᠂ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠭᠠᠵᠠᠷ | ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠶᠢ ᠲᠦᠷᠭᠡᠳᠬᠡᠵᠦ᠂ ᠪᠠᠶᠢᠰᠢᠩ ᠭᠡᠷ ᠤᠨ ᠰᠠᠭᠤᠷᠢᠨ ᠭᠠᠵᠠᠷ | ᠵᠡᠷᠭᠡ《 ᠭᠤᠷᠪᠠᠨ ᠡᠷᠬᠡ ᠶᠢ ᠰᠠᠯᠭᠠᠬᠤ》ᠲᠥᠷᠥ ᠶᠢᠨ ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ | ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ | ᠶᠢ ᠰᠲ᠋ᠣᠺ ᠤᠨ ᠵᠠᠬ᠎ᠠ ᠲᠡᠯᠬᠡᠬᠦᠷ ᠲᠤ ᠭᠠᠷᠭᠠᠬᠤ ᠶᠢ ᠰᠦᠪᠡᠭᠴᠢᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠢ ᠳᠡᠰ | ᠬᠤᠪᠢᠶᠠᠨ ᠳᠡᠰ ᠲᠣᠭᠲᠠᠭᠠᠬᠤ᠂ ᠦᠨ᠎ᠡ ᠬᠠᠩᠰᠢ ᠶᠢ ᠦᠨᠡᠯᠡᠬᠦ ᠠᠵᠢᠯ ᠢ ᠰᠠᠶᠢᠲᠤᠷ ᠬᠢᠨ᠎ᠡ᠃ ︵ᠲᠦᠷᠦᠭᠦᠯᠡᠨ ᠬᠢᠬᠦ | ᠨᠢᠭᠡᠴᠢ᠄ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠡ᠂ | ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ︶ | ︵ᠬᠤᠶᠠᠷ︶ ᠠᠮᠢ ᠠᠬᠤᠶ ᠶᠢᠨ ᠦᠢᠯᠡᠳᠬᠦᠨ ᠤ ᠥᠷᠲᠡᠭ ᠤᠨ ᠲᠣᠭᠠᠴᠠᠭ᠎ᠠ ᠬᠢᠬᠦ ᠳᠦᠷᠢᠮ ᠢ | ᠲᠡᠭᠦᠯᠳᠡᠷᠵᠢᠭᠦᠯᠦᠨ᠎ᠡ | 2. ᠦᠪᠡᠷᠲᠡᠭᠡᠨ ᠵᠠᠰᠠᠬᠤ ᠤᠷᠤᠨ ᠤ ᠠᠮᠢ ᠠᠬᠤᠶ ᠶᠢᠨ ᠦᠢᠯᠡᠳᠬᠦᠨ ᠤ ᠥᠷᠲᠡᠭ ᠤᠨ ᠲᠣᠭᠠᠴᠠᠭ᠎ᠠ ᠬᠢᠬᠦ | ᠮᠡᠷᠭᠡᠵᠢᠯ ᠤᠨ ᠲᠦᠷᠢᠮᠵᠢᠯ ᠶᠤᠰᠤᠭᠠᠷ᠂ ᠭᠦᠢᠴᠡᠳᠬᠡᠯ ᠲᠤᠭ᠎ᠠ ᠶᠢᠨ ᠲᠤᠭᠲᠠᠯᠴᠠᠭ᠎ᠠ᠂ ᠪᠤᠲᠠᠲᠠᠢ ᠪᠤᠳᠤᠬᠤ ᠠᠷᠭ᠎ᠠ᠂ | ᠲᠤᠭ᠎ᠠ ᠪᠠᠷᠢᠮᠳᠠ ᠶᠢᠨ ᠢᠷᠡᠯᠲᠡ᠂ ᠪᠦᠷᠢᠳᠬᠡᠬᠦ ᠪᠠᠷᠢᠮᠵᠢᠶ᠎ᠠ ᠠᠭᠤᠯᠭ᠎ᠠ ᠵᠡᠷᠭᠡ ᠶᠢ ᠲᠤᠳᠤᠷᠬᠠᠶᠢᠯᠠᠨ᠎ᠠ᠃ ᠠᠮᠢ | ᠠᠬᠤᠶ ᠶᠢᠨ ᠰᠢᠰᠲ᠋ᠧᠮ ᠤᠨ ᠦᠢᠯᠡᠳᠬᠦᠨ ᠬᠢᠭᠡᠳ ᠦᠢᠯᠡᠴᠢᠯᠡᠭᠡᠨ ᠤ ᠥᠷᠲᠡᠭ ᠤᠨ ᠬᠡᠮᠵᠢᠶ᠎ᠡ ᠶᠢ ᠰᠦᠪᠡᠭᠴᠢᠯᠡᠨ | ᠲᠣᠭᠠᠴᠠᠭ᠎ᠠ ᠬᠢᠵᠦ᠂ ᠠᠮᠢ ᠠᠬᠤᠶ ᠶᠢᠨ ᠰᠢᠰᠲ᠋ᠧᠮ ᠤᠨ ᠬᠠᠩᠭᠠᠭᠰᠠᠨ ᠦᠢᠯᠡᠳᠬᠦᠨ ᠪᠠ ᠦᠢᠯᠡᠴᠢᠯᠡᠭᠡᠨ ᠤ ᠴᠢᠳᠠᠮᠵᠢ | ᠵᠢᠴᠢ ᠠᠵᠤ ᠠᠬᠤᠶ ᠶᠢᠨ ᠥᠷᠲᠡᠭ ᠢ ᠦᠨᠡᠯᠡᠨ ᠵᠢᠱᠢᠨ᠎ᠡ᠃ ᠠᠮᠢ ᠠᠬᠤᠶ ᠶᠢᠨ ᠦᠢᠯᠡᠳᠬᠦᠨ ᠤ ᠥᠷᠲᠡᠭ ᠤᠨ | ᠲᠣᠭᠠᠴᠠᠭ᠎ᠠ ᠬᠢᠬᠦ ᠰᠠᠭᠤᠷᠢ ᠲᠤᠭ᠎ᠠ ᠪᠠᠷᠢᠮᠲᠠ ᠶᠢ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ | ᠰᠢᠰᠲ᠋ᠧᠮ ᠳᠤ ᠣᠷᠣᠭᠤᠯᠬᠤ ᠶᠢ ᠰᠦᠪᠡᠭᠴᠢᠯᠡᠵᠦ᠂ ᠠᠮᠢ ᠠᠬᠤᠶ ᠶᠢᠨ ᠦᠢᠯᠡᠳᠬᠦᠨ ᠤ ᠥᠷᠲᠡᠭ ᠤᠨ ᠲᠣᠭᠠᠴᠠᠭ᠎ᠠ | ᠬᠢᠭᠰᠡᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠨᠠᠶᠢᠷᠠᠭᠤᠯᠤᠨ ᠵᠣᠬᠢᠶᠠᠨ᠎ᠠ᠃ ᠬᠠᠤᠯᠢ ᠲᠣᠭᠲᠠᠭᠠᠯ | ᠶᠣᠰᠣᠭᠠᠷ ᠨᠡᠶᠢᠭᠡᠮ ᠨᠡᠶᠢᠲᠡ ᠳᠤ ᠠᠮᠢ ᠠᠬᠤᠶ ᠶᠢᠨ ᠦᠶᠯᠡᠳᠬᠦᠨ ᠤ ᠥᠷᠲᠡᠭ ᠤᠨ ᠲᠣᠭᠠᠴᠠᠭ᠎ᠠ ᠬᠢᠭᠰᠡᠨ ᠦᠷ᠎ᠡ | ᠳ᠋ᠦᠩ ᠢ ᠢᠯᠡ ᠨᠡᠶᠢᠲᠡᠯᠡᠨ᠎ᠡ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︶ | 3. ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠦᠭᠬᠦ᠂ ᠡᠵᠡᠩᠨᠡᠨ ᠨᠡᠭᠡᠭᠡᠨ ᠬᠥᠭᠵᠢᠭᠦᠯᠵᠦ ᠪᠠᠯᠠ | ᠬᠤᠷᠠᠮᠳᠤᠭᠤᠯᠬᠤ ᠲᠠᠯ᠎ᠠ ᠳᠤ ᠲᠣᠭᠠᠴᠠᠭ᠎ᠠ ᠬᠢᠭᠰᠡᠨ ᠦᠷ᠎ᠡ ᠳ᠋ᠦᠩ ᠢ ᠬᠡᠷᠡᠭᠯᠡᠬᠦ ᠶᠢ ᠠᠬᠢᠭᠤᠯᠤᠨ᠎ᠠ᠃ ︵ᠲᠦᠷᠦᠭᠦᠯᠡᠨ | ᠬᠢᠬᠦ ᠨᠢᠭᠡᠴᠢ᠄ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︶ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ | ᠠᠪᠬᠤ ᠲᠠᠯ᠎ᠠ ᠳᠤ ᠲᠣᠭᠠᠴᠠᠭ᠎ᠠ ᠬᠢᠭᠰᠡᠨ ᠦᠷ᠎ᠡ ᠳ᠋ᠦᠩ ᠢ ᠬᠡᠷᠡᠭᠯᠡᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ | ᠨᠢᠭᠡᠴᠢ᠄ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | ᠠᠮᠢ ᠠᠬᠤᠶ ᠶᠢᠨ ᠡᠬᠢ ᠪᠠᠶᠠᠯᠢᠭ ᠤᠨ ᠡᠷᠬᠡ ᠠᠰᠢᠭ ᠤᠨ ᠠᠷᠠᠯᠵᠢᠶ᠎ᠠ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠡᠵᠡᠮᠳᠡᠯ ᠵᠡᠷᠭᠡ ᠲᠠᠯ᠎ᠠ ᠳᠤ ᠲᠣᠭᠠᠴᠠᠭ᠎ᠠ ᠬᠢᠭᠰᠡᠨ ᠦᠷ᠎ᠡ | ᠳ᠋ᠦᠩ ᠢ ᠬᠡᠷᠡᠭᠯᠡᠬᠦ ᠶᠢ ᠠᠬᠢᠭᠤᠯᠤᠨ᠎ᠠ᠃ ᠠᠮᠢ ᠠᠬᠤᠶ ᠶᠢᠨ ᠦᠶᠯᠡᠳᠬᠦᠨ ᠤ ᠥᠷᠲᠡᠭ ᠤᠨ ᠲᠣᠭᠠᠴᠠᠭ᠎ᠠ ᠬᠢᠭᠰᠡᠨ | ᠦᠷ᠎ᠡ ᠳ᠋ᠦᠩ ᠢ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠵᠤ ᠦᠨᠡᠯᠡᠬᠦ ᠳᠤ ᠬᠡᠷᠡᠭᠯᠡᠬᠦ ᠶᠢ ᠠᠬᠢᠭᠤᠯᠤᠨ᠎ᠠ᠃ ᠠᠮᠢ ᠠᠬᠤᠶ ᠶᠢᠨ ᠡᠵᠡᠯᠡᠬᠦ | ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠡᠯ᠎ᠡ ᠲᠥᠷᠥᠯ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠬᠦ ᠦᠶ᠎ᠡ ᠳᠤ᠂ ᠠᠮᠢ ᠠᠬᠤᠶ ᠶᠢᠨ ᠦᠢᠯᠡᠳᠬᠦᠨ ᠤ ᠥᠷᠲᠡᠭ ᠤᠨ ᠪᠣᠳᠠᠲᠤ ᠡᠳ᠋ | ᠪᠤᠳᠠᠰ ᠤᠨ ᠬᠡᠮᠵᠢᠶ᠎ᠡ ᠪᠠ ᠥᠷᠲᠡᠭ ᠤᠨ ᠲᠣᠭᠠᠴᠠᠭ᠎ᠠ ᠬᠢᠭᠰᠡᠨ ᠦᠷ᠎ᠡ ᠳ᠋ᠦᠩ ᠲᠠᠢ ᠤᠶᠠᠯᠳᠤᠭᠤᠯᠤᠨ ᠴᠢᠬᠤᠯᠠ | ᠪᠦᠬᠦᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ᠂ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠠᠲᠤᠯᠠᠨ | ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ | ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︶ | ᠳᠥᠷᠪᠡ᠂ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠨ᠎ᠡ | ︵ᠭᠤᠷᠪᠠ︶ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠭᠡ ᠪᠠᠷ ᠬᠥᠭᠵᠢᠭᠦᠯᠦᠨ᠎ᠡ | 4. ᠮᠠᠨ ᠤ ᠲᠤᠭᠤᠷᠢᠭ ᠤᠨ ᠡᠬᠢ ᠪᠠᠶᠠᠯᠢᠭ ᠤᠨ ᠲᠠᠪᠠᠭᠤᠯᠢᠭ ᠢ ᠦᠨᠳᠦᠰᠦᠯᠡᠨ᠂ ᠳᠠᠷᠢᠵᠤ ᠲᠡᠵᠢᠭᠡᠬᠦ | ᠡᠳ᠋ᠰᠢᠭᠦᠯᠬᠦ ᠶᠢ ᠨᠢᠭᠡ ᠴᠣᠭᠴᠠᠵᠢᠭᠤᠯᠬᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ | ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠲᠡᠵᠢᠭᠡᠬᠦ ᠶᠢᠨ ᠲᠥᠯᠥᠭᠡ ᠳᠠᠷᠢᠵᠤ᠂ ᠳᠠᠷᠢᠬᠤ ᠪᠠᠷ | ᠲᠡᠵᠢᠭᠡᠬᠦ ᠶᠢ ᠠᠬᠢᠭᠤᠯᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠪᠣᠬᠢᠷᠲᠤᠯ ᠥᠬᠡᠶ | ᠡᠷᠬᠢᠯᠳᠡᠳᠦ ᠬᠥᠭᠵᠢᠯᠲᠡ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠡ᠂ ᠬᠠᠷᠢᠭᠤᠴᠠᠯᠭᠠᠲᠤ ᠨᠢᠭᠡᠴᠢ᠄ | ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶ | 5. ᠣᠷᠣᠨ ᠪᠦᠰᠡ ᠶᠢᠨ ᠲᠥᠷᠥᠯ ᠲᠡᠮᠳᠡᠭ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠣᠷᠣᠨ | ᠪᠦᠰᠡ ᠶᠢᠨ ᠣᠨᠴᠠᠯᠢᠠᠠᠳᠦ ᠲᠥᠷᠥᠯ ᠲᠡᠮᠳᠡᠭ ᠢ ᠪᠣᠶ ᠪᠣᠯᠭᠠᠵᠤ᠂ ᠨᠠᠩ ᠣᠯᠠᠨ ᠴᠢᠨᠠᠷ ᠰᠠᠶᠢᠲᠠᠶ᠂ ᠪᠣᠬᠢᠷᠲᠤᠯ ᠥᠬᠡᠶ | ︽ᠪᠤᠭᠤᠳᠤ ᠨᠡᠷᠡᠮᠵᠢᠳᠦ︾ ᠠᠮᠢ ᠠᠬᠤᠶ ᠶᠢᠨ ᠦᠢᠯᠡᠳᠬᠦᠨ ᠢ ᠪᠥᠬᠦ ᠤᠯᠤᠰ ᠪᠠ ᠳᠡᠯᠡᠬᠡᠶ ᠳᠤ ᠬᠠᠨᠳᠤᠭᠤᠯᠬᠤ ᠶᠢ | ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠤᠪᠴᠢᠶ᠎ᠡ᠂ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠪᠠ | ᠵᠢᠭᠤᠯᠴᠢᠯᠠᠯ ᠤᠨ ᠲᠣᠪᠴᠢᠶ᠎ᠠ︶ | ︵ᠳᠥᠷᠪᠡ︶ ᠠᠮᠢ ᠠᠬᠤᠶ ᠶᠢᠨ ᠠᠵᠤ ᠦᠢᠯᠡᠳᠪᠦᠷᠢ ᠶᠢ ᠲᠦᠷᠭᠡᠳᠬᠡᠨ ᠬᠥᠭᠵᠢᠭᠦᠯᠦᠨ᠎ᠡ | 6. ᠠᠮᠢ ᠠᠬᠤᠶ ᠪᠠᠷ ᠡᠨᠧᠷᠭᠢ ᠣᠯᠭᠤᠬᠤ ᠬᠡᠯᠪᠡᠷᠢ ᠶᠢᠨ ᠠᠵᠤ ᠦᠢᠯᠡᠳᠪᠦᠷᠢ ᠶᠢ ᠶᠡᠭᠡ ᠪᠠᠷ ᠬᠥᠭᠵᠢᠭᠦᠯᠵᠦ᠂ | ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠡᠷᠴᠢᠮ ᠢᠶᠠᠨ ᠨᠡᠮᠡᠭᠳᠡᠭᠦᠯᠦᠨ᠂ ᠨᠠᠷᠢᠯᠢᠭ | ᠬᠡᠮᠵᠢᠭᠦᠷᠯᠢᠭ᠂ ᠡᠯᠧᠺᠲᠷᠣᠨ ᠲᠤᠨᠤᠭ ᠰᠡᠯᠪᠢᠭ᠂ ᠭᠡᠷᠡᠯ ᠤᠨ ᠤᠬᠠᠭᠠᠨ ᠤ ᠲᠤᠨᠤᠭ ᠰᠡᠯᠪᠢᠭ᠂ ᠳᠡᠭᠡᠳᠦ ᠲᠠᠰ ᠤᠨ | ᠡᠮ ᠦᠢᠯᠡᠳᠬᠦ᠂ ᠡᠮ ᠡᠮᠨᠡᠯᠭᠡ ᠶᠢᠨ ᠮᠠᠰᠢᠨ ᠪᠠᠭᠠᠵᠢ᠂ ᠢᠳᠡᠭᠡᠨ ᠤᠮᠳᠠᠭᠠᠨ ᠵᠡᠷᠭᠡ ᠣᠷᠴᠢᠨ ᠲᠣᠭᠤᠷᠢᠨ ᠳᠤ | ᠰᠡᠷᠭᠡᠭ ᠬᠡᠯᠪᠡᠷᠢ ᠶᠢᠨ ᠠᠵᠤ ᠦᠢᠯᠡᠰ ᠢ ᠢᠳᠡᠪᠬᠢᠲᠡᠶ ᠪᠠᠷ ᠤᠷᠤᠭᠤᠯᠤᠨ ᠠᠪᠴᠢᠷᠠᠵᠤ ᠪᠤᠶᠢᠵᠢᠭᠤᠯᠤᠨ᠂ ᠠᠮᠢ | ᠠᠬᠤᠶ ᠶᠢᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠲᠦᠷᠭᠡᠳᠬᠡᠨ ᠬᠤᠪᠢᠷᠠᠭᠤᠯᠬᠤ ᠶᠢ | ᠠᠬᠢᠭᠤᠯᠤᠨ᠎ᠠ᠃ ᠠᠵᠤ ᠦᠶᠯᠡᠳᠪᠦᠷᠢ ᠶᠢᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠦᠶᠯᠡᠳᠬᠦ ᠦᠶᠯᠡᠰ ᠤᠨ ᠲᠤᠭᠠᠴᠢᠯᠠᠭᠰᠠᠨ᠂ ᠤᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ᠂ | ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠪᠠ ᠲᠡᠷᠢᠭᠦᠨ ᠤ ᠦᠶᠯᠡᠳᠬᠦ ᠦᠶᠯᠡᠰ ᠤᠨ ᠭᠦᠨᠵᠡᠭᠡᠶ ᠠᠭᠤᠰᠤᠯᠴᠠᠯ ᠢ | ᠭᠦᠨᠵᠡᠭᠡᠶ ᠠᠬᠢᠭᠤᠯᠵᠤ᠂ ᠪᠠᠭ᠎ᠠ ᠨᠡᠭᠦᠷᠡᠰᠦᠳᠦ᠋ᠷᠦᠭᠴᠢᠲᠦ᠂ ᠨᠡᠭᠦᠷᠡᠰᠦᠲᠥ᠋ᠷᠥᠭᠴᠢ ᠦᠭᠡᠢ᠂ ᠰᠥᠭᠡᠷᠭᠦ | ᠨᠡᠭᠦᠷᠡᠰᠦᠳᠦ᠋ᠷᠦᠭᠴᠢᠲᠦ ᠠᠵᠤ ᠦᠶᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ | ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠣᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 7. ᠠᠮᠢ ᠠᠬᠤᠢ ᠶᠢᠨ ᠤᠷᠲᠤᠳᠬᠠᠭᠰᠠᠨ ᠬᠡᠯᠪᠡᠷᠢ ᠶᠢᠨ ᠠᠵᠤ ᠦᠢᠯᠡᠳᠪᠦᠷᠢ ᠶᠢ ᠢᠳᠡᠪᠬᠢᠲᠡᠢ ᠬᠦᠭᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ᠂ ᠠᠮᠢ ᠠᠬᠤᠢ ᠶᠢᠨ ᠬᠠᠮᠠᠭᠠᠯᠠᠯᠲᠠ | ᠰᠡᠷᠭᠦᠭᠡᠯᠲᠡ ᠶᠢᠨ ᠲᠤᠨᠤᠭᠯᠠᠯ ᠦᠢᠯᠡᠳᠬᠦ᠂ ᠦᠨᠳᠦᠷ ᠪᠦᠲᠦᠮᠵᠢᠲᠡᠢ ᠡᠨᠧᠷᠭᠢ ᠠᠷᠪᠢᠯᠠᠬᠤ ᠲᠤᠨᠤᠭᠯᠠᠯ ᠦᠢᠯᠡᠳᠬᠦ᠂ | ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠲᠤᠨᠤᠭᠯᠠᠯ ᠦᠢᠯᠡᠳᠬᠦ ᠵᠡᠷᠭᠡ ᠠᠵᠤ ᠦᠢᠯᠡᠰ ᠢ ᠪᠤᠶᠢᠵᠢᠭᠤᠯᠤᠨ | ᠬᠦᠭᠵᠢᠭᠦᠯᠵᠦ᠂ ᠤᠷᠴᠢᠨ ᠲᠤᠭᠤᠷᠢᠨ ᠤ ᠵᠠᠰᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ | ᠲᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | ︵ᠲᠠᠪᠤ︶ ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠢ ᠢᠳᠡᠪᠬᠢᠲᠡᠶ ᠪᠤᠶᠢᠵᠢᠭᠤᠯᠤᠨ᠎ᠠ | 8. ᠮᠠᠨ ᠤ ᠬᠤᠲᠠ ᠶᠢᠨ ᠣᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ᠂ ᠨᠠᠭᠤᠷ ᠴᠥᠭᠦᠷᠥᠮ ᠵᠡᠷᠭᠡ ᠠᠮᠢ | ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ᠂ | ᠵᠣᠬᠢᠰᠲᠠᠢ ᠨᠡᠭᠡᠭᠡᠨ ᠠᠰᠢᠭᠯᠠᠬᠤ᠂ ᠡᠭᠦᠷᠢᠳᠡ ᠦᠷᠭᠦᠯᠵᠢᠯᠡᠨ ᠠᠰᠢᠭᠯᠠᠬᠤ ᠵᠠᠷᠴᠢᠮ ᠢ ᠵᠢᠷᠤᠮᠯᠠᠵᠤ᠂ ᠬᠥᠮᠦᠨ ᠤ | ᠬᠠᠷᠰᠢᠯᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠭᠰᠠᠨ ᠤᠷᠢᠲᠠᠯ ᠳᠣᠣᠷ᠎ᠠ᠂ ᠨᠢᠭᠡ ᠪᠦᠯᠦᠭ ᠠᠮᠢ ᠠᠬᠤᠢ ᠶᠢᠨ | ᠵᠢᠭᠤᠯᠴᠢᠯᠠᠯ ᠤᠨ ᠰᠤᠳᠤᠨ ᠦᠵᠡᠮᠵᠢ ᠶᠢᠨ ᠣᠷᠣᠨ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠥᠨᠳᠡᠯᠡᠨ | ᠭᠤᠣᠯ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠲᠦᠷᠭᠡᠳᠬᠡᠨ ᠬᠠᠮᠠᠭᠠᠯᠠᠨ ᠪᠦᠲᠦᠭᠡᠨ ᠪᠠᠶᠢᠭᠤᠯᠵᠤ᠂ ᠠᠮᠢ | ᠠᠬᠤᠢ ᠶᠢᠨ ᠰᠣᠶᠣᠯ ᠤᠨ ᠵᠢᠭᠤᠯᠴᠢᠯᠠᠯ ᠤᠨ ᠬᠠᠷᠠᠯᠳᠠᠳᠤ ᠤᠷᠤᠨ ᠢ ᠪᠤᠢ ᠪᠣᠯᠭᠠᠵᠤ᠂ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠤᠶᠢᠵᠢᠭᠤᠯᠤᠨ ᠬᠥᠭᠵᠢᠭᠦᠯᠦᠨ᠎ᠡ᠃ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠢᠭᠤᠯᠴᠢᠯᠠᠯ ᠵᠡᠷᠭᠡ ᠰᠢᠨ᠎ᠡ | ᠬᠡᠯᠪᠡᠷᠢ ᠶᠢᠨ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠶᠡᠭᠡ ᠪᠠᠷ ᠬᠥᠭᠵᠢᠭᠦᠯᠵᠦ᠂ ᠮᠥᠰᠥ ᠴᠠᠰᠤ᠂ ᠤᠰᠤᠨ | ᠳᠡᠭᠡᠷᠡᠬᠢ᠂ ᠳᠤᠭᠤᠶ ᠲᠡᠷᠭᠡ᠂ ᠮᠠᠷᠠᠰᠤᠨ ᠤᠷᠤᠯᠳᠤᠭᠠᠨ ᠵᠡᠷᠭᠡ ᠭᠡᠷ ᠤᠨ ᠭᠠᠳᠠᠨᠠᠬᠢ ᠬᠥᠳᠡᠯᠭᠡᠭᠡᠨ ᠢ | ᠲᠦᠭᠡᠮᠡᠯᠵᠢᠭᠦᠯᠦᠨ ᠳᠡᠯᠭᠡᠷᠡᠭᠦᠯᠵᠦ᠂ ᠨᠢᠭᠡ ᠪᠦᠯᠦᠭ ᠣᠢ ᠰᠢᠭᠤᠶ ᠶᠢᠨ ᠡᠷᠡᠭᠦᠯᠵᠢᠯ ᠰᠤᠪᠢᠯᠠᠯᠲᠠ᠂ ᠡᠷᠡᠭᠦᠯᠵᠢᠯ ᠤᠨ | ᠬᠥᠳᠡᠯᠭᠡᠭᠡᠨ᠂ ᠰᠡᠯᠡᠭᠦᠴᠡᠨ ᠠᠮᠠᠷᠠᠬᠤ᠂ ᠬᠠᠯᠠᠭᠤᠨ ᠷᠠᠰᠢᠶᠠᠨ ᠤ ᠰᠤᠪᠢᠯᠠᠯᠲᠠ ᠵᠡᠷᠭᠡ ᠰᠣᠳᠣᠨ ᠵᠢᠭᠤᠯᠴᠢᠯᠠᠯ ᠤᠨ | ᠰᠠᠭᠤᠷᠢᠨ ᠢ ᠪᠦᠲᠦᠭᠡᠨ ᠪᠠᠶᠢᠭᠤᠯᠵᠤ᠂ ᠲᠠᠯ᠎ᠠ ᠨᠤᠲᠤᠭ ᠤᠨ ᠵᠢᠭᠤᠯᠴᠢᠯᠠᠯ᠂ ᠮᠥᠰᠥ ᠴᠠᠰᠤᠨ ᠤ ᠵᠢᠭᠤᠯᠴᠢᠯᠠᠯ᠂ | ᠨᠤᠭᠤ ᠭᠠᠵᠠᠷ ᠤᠨ ᠵᠢᠭᠤᠯᠴᠢᠯᠠᠯ ᠵᠡᠷᠭᠡ ᠲᠥᠷᠥᠯ ᠬᠡᠯᠪᠡᠷᠢ ᠣᠯᠠᠨ ᠶᠠᠩᠵᠤ ᠶᠢᠨ ᠵᠢᠭᠤᠯᠴᠢᠯᠠᠯ ᠤᠨ ᠦᠢᠯᠡᠳᠬᠦᠨ ᠢ | ᠭᠠᠷᠭᠠᠨ᠎ᠠ᠃ ︽ᠢᠨᠲ᠋ᠧᠷ ᠰᠦᠯᠵᠢᠶ᠎ᠡ + ᠵᠢᠭᠤᠯᠴᠢᠯᠠᠯ︾ ᠤᠨ ᠦᠶᠯᠡᠴᠢᠯᠡᠭᠡ ᠶᠢ ᠭᠦᠨᠵᠡᠭᠡᠶᠢᠷᠡᠭᠦᠯᠵᠦ᠂ ᠣᠶᠤᠨᠴᠢ | ᠵᠢᠭᠤᠯᠴᠢᠯᠠᠯ ᠤᠨ ᠲᠠᠪᠴᠠᠩ ᠢ ᠲᠡᠭᠦᠯᠳᠡᠷᠵᠢᠭᠦᠯᠦᠨ᠂ ᠢᠵᠢ ᠪᠦᠷᠢᠳᠦᠭᠦᠯᠦᠭᠰᠡᠨ ᠲᠤᠨᠤᠭ ᠲᠦᠭᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠵᠢᠭᠤᠯᠴᠢᠯᠠᠯ ᠤᠨ ᠦᠶᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠪᠤᠶᠢᠵᠢᠭᠤᠯᠤᠨ ᠬᠥᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠰᠣᠶᠣᠯ ᠪᠠ | ᠵᠢᠭᠤᠯᠴᠢᠯᠠᠯ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠡ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠵᠢᠷᠭᠤᠭ᠎ᠠ︶ ᠪᠣᠬᠢᠷᠲᠤᠯ ᠥᠬᠡᠶ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠶᠢ ᠴᠢᠩᠭᠠᠷᠠᠭᠤᠯᠤᠨ᠎ᠠ | 9. ᠪᠣᠬᠢᠷᠲᠤᠯ ᠥᠬᠡᠶ ᠠᠵᠤ ᠦᠶᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ᠂ ᠣᠷᠴᠢᠨ ᠲᠣᠭᠤᠷᠢᠨ ᠳᠤ ᠰᠡᠷᠭᠡᠭ ᠬᠡᠯᠪᠡᠷᠢ ᠶᠢᠨ ᠠᠵᠤ ᠦᠶᠯᠡᠳᠪᠦᠷᠢ᠂ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠶᠯᠡᠰ᠂ ᠠᠮᠢ | ᠠᠬᠤᠶ ᠶᠢᠨ ᠰᠣᠶᠣᠯ ᠤᠨ ᠵᠢᠭᠤᠯᠴᠢᠯᠠᠯ ᠤᠨ ᠦᠶᠯᠡᠰ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ | ᠤᠨᠳᠤᠤᠰᠢᠭᠤᠯᠬᠤ ᠶᠢ ᠵᠣᠷᠢᠭᠵᠢᠭᠤᠯᠤᠨ᠎ᠠ᠃ ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ᠂ ᠪᠣᠬᠢᠷᠲᠤᠯ | ᠦᠭᠡᠢ ᠲᠠᠷᠢᠵᠤ ᠲᠡᠵᠢᠭᠡᠬᠦ ᠵᠠᠩᠭᠢᠯᠠᠭ᠎ᠠ ᠶᠢᠨ ᠮᠡᠷᠭᠡᠵᠢᠯ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠤᠨ ᠠᠰᠢᠭᠯᠠᠬᠤ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠶᠢ | ᠨᠡᠮᠡᠭᠳᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠮᠡᠷᠭᠡᠵᠢᠯ ᠢ ᠰᠤᠳᠤᠯᠤᠨ | ᠨᠡᠭᠡᠭᠡᠬᠦ ᠪᠠ ᠳᠡᠯᠭᠡᠷᠡᠭᠦᠯᠬᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ | ᠥᠷᠨᠢᠭᠦᠯᠦᠨ᠎ᠡ᠃ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠲᠦᠷᠦᠭᠦᠯᠡᠨ ᠶᠡᠭᠡ ᠳᠡᠭᠡᠳᠦ | ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠣᠭᠠᠯᠠᠨ ᠰᠢᠨ᠎ᠡ ᠶᠢ | ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠳᠡᠮᠵᠢᠵᠦ᠂ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠭᠤᠶᠤᠴᠢᠯᠠᠨ ᠮᠡᠳᠡᠭᠦᠯᠵᠦ ᠬᠠᠷᠢᠭᠤᠴᠠᠨ᠂ ᠪᠣᠬᠢᠷᠲᠤᠯ ᠥᠬᠡᠶ | ᠠᠵᠤ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠮᠠᠨ ᠤ ᠬᠤᠲᠠ ᠶᠢᠨ ᠤᠯᠤᠰ ᠤᠨ | ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠬᠢᠨᠠᠨ ᠬᠡᠮᠵᠢᠬᠦ ᠲᠥᠪ ︵ᠥᠪᠥᠷ ᠮᠣᠩᠭᠤᠯ︶ ᠲᠤ ᠲᠦᠰᠢᠭᠯᠡᠨ᠂ ᠠᠮᠢ | ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠬᠡᠮᠵᠢᠯᠲᠡ ᠶᠢᠨ ᠬᠢᠨᠠᠨ ᠬᠡᠮᠵᠢᠬᠦ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠪᠥᠬᠦ ᠤᠯᠤᠰ ᠤᠨ ᠬᠥᠳᠡᠭᠡ ᠲᠣᠰᠬᠤᠨ ᠤ ᠦᠶᠯᠡᠰ ᠪᠤᠰᠬᠠᠵᠤ | ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢ ᠲᠠᠨᠢᠯᠴᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠦᠶᠯᠡᠰ | ᠪᠤᠰᠬᠠᠬᠤ ᠶᠢ ᠪᠠᠶᠢᠴᠠᠭᠠᠨ ᠬᠡᠮᠵᠢᠬᠦ ᠪᠠᠶᠢᠴᠠᠭᠠᠯᠲᠠ ᠶᠢᠨ ᠠᠵᠢᠯ ᠢ ᠦᠷᠨᠢᠬᠦᠯᠵᠦ᠂ ᠪᠣᠬᠢᠷᠲᠤᠯ ᠥᠬᠡᠶ ᠠᠵᠤ | ᠦᠶᠯᠡᠰ ᠤᠨ ᠬᠥᠭᠵᠢᠯᠲᠡ ᠶᠢᠨ ᠶᠠᠪᠤᠴᠠ ᠳᠤ ᠰᠢᠨ᠎ᠡ ᠶᠢ ᠡᠭᠦᠳᠬᠦ ᠬᠦᠴᠦᠨ ᠢ ᠨᠡᠮᠡᠷᠢᠯᠡᠨ᠎ᠡ᠃ ︵ᠲᠦᠷᠦᠭᠦᠯᠡᠨ ᠬᠢᠬᠦ | ᠨᠢᠭᠡᠴᠢ᠄ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠡ ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠶᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ︶ | ᠲᠠᠪᠤ᠂ ᠠᠮᠢ ᠠᠬᠤᠢ ᠶᠢᠨ ᠦᠢᠯᠡᠳᠬᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠰᠢᠰᠲ᠋ᠧᠮ ᠢ ᠪᠠᠶᠢᠭᠤᠯᠤᠨ᠎ᠠ | | ︵ᠳᠣᠯᠤᠭ᠎ᠠ︶ ᠠᠮᠢ ᠠᠬᠤᠶ ᠶᠢᠨ ᠦᠢᠯᠡᠳᠬᠦᠨ ᠤ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠪᠴᠢᠲᠠᠶ ᠪᠠᠷ | ᠵᠣᠯᠭᠠᠭᠤᠯᠬᠤ ᠶᠢ ᠠᠬᠢᠭᠤᠯᠤᠨ᠎ᠠ | 10. ᠠᠮᠢ ᠠᠬᠤᠶ ᠶᠢᠨ ᠦᠶᠯᠡᠳᠬᠦᠨ ᠢ ᠵᠠᠰᠠᠭ ᠤᠨ ᠣᠷᠳᠣᠨ ᠠᠴᠠ ᠬᠤᠳᠠᠯᠳᠤᠨ ᠠᠪᠠᠨ᠋ᠥ ᠨᠠᠷᠢᠨ ᠲᠠᠩᠰᠠ | ᠶᠣᠰᠣᠭᠠᠷ᠂ ᠵᠠᠰᠠᠭ ᠤᠨ ᠣᠷᠳᠣᠨ ᠤ ᠠᠮᠢ ᠠᠬᠤᠶ ᠶᠢᠨ ᠦᠶᠯᠡᠳᠬᠦᠨ ᠢ ᠬᠤᠳᠠᠯᠳᠤᠨ ᠠᠪᠠᠨ᠋ᠥ ᠰᠢᠨ᠎ᠡ ᠵᠠᠭᠪᠤᠷ ᠢ | ᠰᠦᠪᠡᠭᠴᠢᠯᠡᠨ ᠪᠠᠶᠢᠭᠤᠯᠵᠤ᠂ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠠᠴᠠ ᠣᠷᠣᠭᠤᠯᠬᠤ | ᠦᠵᠡᠰᠬᠦᠯᠡᠩ ᠤ ᠴᠤᠬᠯᠠᠭᠠᠨ᠂ ᠲᠣᠷᠭᠠᠨ ᠵᠠᠮ ᠤᠨ ᠤᠯᠠᠨ ᠤᠯᠤᠰ ᠤᠨ ᠦᠵᠡᠰᠬᠦᠯᠡᠩ ᠤᠨ ᠴᠤᠬᠯᠠᠭᠠᠨ᠂ ᠲᠤᠮᠳᠠᠳᠤ | ᠤᠯᠤᠰ ᠤᠨ ᠤᠯᠠᠨ ᠤᠯᠤᠰ ᠤᠨ ᠪᠠᠯᠠ ᠣᠷᠣᠭᠤᠯᠤᠯᠲᠠ ᠠᠷᠠᠯᠵᠢᠶᠠᠨ ᠤ ᠵᠦᠪᠳᠡᠯᠴᠡᠬᠦ ᠴᠤᠭᠯᠠᠭᠠᠨ᠂ ᠲᠤᠮᠳᠠᠳᠤ | ᠤᠯᠤᠰ ᠤᠨ ᠭᠠᠳᠠᠭᠠᠲᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠴᠤᠭᠯᠠᠭᠠᠨ | ᠵᠡᠷᠭᠡ ᠳᠤ ᠤᠷᠤᠯᠴᠠᠬᠤ ᠪᠠ ᠡᠶᠢᠮᠦᠷᠬᠦᠦ ᠴᠢᠬᠤᠯᠠ ᠳᠡᠯᠭᠡᠨ ᠦᠵᠡᠭᠦᠯᠵᠦ ᠵᠦᠪᠳᠡᠯᠴᠡᠬᠦ ᠲᠠᠪᠴᠠᠩ ᠢ ᠡᠷᠭᠢᠯᠡᠬᠦ ᠪᠠᠷ | ᠳᠠᠮᠵᠢᠭᠤᠯᠤᠨ᠂ ᠠᠳᠠᠯᠢ ᠠᠵᠢᠯ ᠲᠥᠷᠥᠯ ᠳᠠᠬᠢ ᠠᠮᠢ ᠠᠬᠤᠶ ᠶᠢᠨ ᠦᠶᠯᠡᠳᠬᠦᠨ ᠤ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ︶ | 11. ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠵᠡᠷᠭᠡ ᠣᠷᠣᠨ ᠪᠦᠰᠡ ᠳᠤ ᠬᠠᠨᠳᠤᠭᠤᠯᠤᠨ ᠲᠣᠭᠲᠠᠮᠠᠯ | ᠬᠤᠭᠤᠴᠠᠭ᠎ᠠ ᠲᠠᠢ ᠪᠠᠷ ᠠᠮᠢ ᠠᠬᠤᠶ ᠶᠢᠨ ᠦᠢᠯᠡᠳᠬᠦᠨ ᠤ ᠲᠠᠨᠢᠯᠴᠠᠭᠤᠯᠭ᠎ᠠ ᠶᠢᠨ ᠬᠤᠷᠠᠯ ᠬᠢᠵᠦ᠂ ᠡᠯᠧᠺᠲᠷᠣᠨ | ᠬᠤᠳᠠᠯᠳᠤᠭᠠᠨ ᠤ ᠲᠠᠪᠴᠠᠩ ᠳᠤ ᠠᠮᠢ ᠠᠬᠤᠶ ᠶᠢᠨ ᠦᠢᠯᠡᠳᠬᠦᠨ ᠤ ᠲᠤᠰᠬᠠᠶ ᠪᠤᠯᠤᠩ ᠨᠡᠭᠡᠭᠡᠬᠦ ᠶᠢ ᠠᠬᠢᠭᠤᠯᠤᠨ᠂ | ᠠᠮᠢ ᠠᠬᠤᠶ ᠶᠢᠨ ᠦᠢᠯᠡᠳᠬᠦᠨ ᠢ ᠰᠦᠯᠵᠢᠶᠡᠨ ᠳᠡᠭᠡᠷ᠎ᠡ ᠡᠭᠦᠯᠡᠨ ᠠᠷᠠᠯᠵᠢᠶ᠎ᠠ ᠬᠢᠬᠦ᠂ ᠠᠷᠠᠯᠵᠢᠶᠠᠴᠢᠨ ᠤᠷᠢᠬᠤ | ᠡᠭᠦᠯᠡᠨ ᠠᠵᠢᠯᠯᠠᠭ᠎ᠠ ᠶᠢ ᠥᠷᠨᠢᠭᠦᠯᠵᠦ᠂ ᠡᠬᠢ ᠪᠠᠶᠠᠯᠢᠭ ᠤᠨ ᠲᠠᠯ᠎ᠠ ᠬᠢᠭᠡᠳ ᠪᠠᠯᠠ ᠣᠷᠣᠭᠤᠯᠬᠤ ᠲᠠᠯ᠎ᠠ᠂ ᠠᠮᠢ | ᠠᠬᠤᠶ ᠶᠢᠨ ᠦᠢᠯᠡᠳᠬᠦᠨ ᠤ ᠬᠠᠩᠭᠠᠯᠭ᠎ᠠ ᠶᠢᠨ ᠲᠠᠯ᠎ᠠ ᠬᠢᠭᠡᠳ ᠬᠡᠷᠡᠭᠴᠡᠭᠡ ᠶᠢᠨ ᠲᠠᠯ᠎ᠠ ᠶᠢᠨ ᠬᠢᠨ ᠤ ᠥᠨᠳᠥᠷ | ᠪᠦᠲᠦᠮᠵᠢᠲᠡᠶ ᠵᠣᠯᠭᠠᠯᠴᠠᠬᠤ ᠶᠢ ᠠᠬᠢᠭᠤᠯᠤᠨ᠂ ᠢᠨᠲ᠋ᠧᠷ ᠰᠦᠯᠵᠢᠶ᠎ᠡ ᠶᠢᠨ ᠲᠠᠪᠴᠠᠩ ᠤᠨ ᠦᠢᠯᠡᠳᠦᠯ ᠢ | ᠪᠠᠳᠠᠷᠠᠭᠤᠯᠤᠨ ᠠᠮᠢ ᠠᠬᠤᠶ ᠶᠢᠨ ᠦᠢᠯᠡᠳᠬᠦᠨ ᠤ ᠲᠤᠰᠬᠠᠶ ᠪᠤᠯᠤᠩ ᠨᠡᠭᠡᠭᠡᠵᠦ᠂ ᠢᠨᠲ᠋ᠧᠷ ᠰᠦᠯᠵᠢᠶ᠎ᠡ ᠶᠢᠨ | ᠳᠠᠪᠠᠭᠤᠯᠢᠭ ᠲᠤ ᠲᠦᠰᠢᠭᠯᠡᠨ᠂ ᠴᠢᠨᠠᠷ ᠰᠠᠶᠢᠲᠠᠶ ᠠᠮᠢ ᠠᠬᠤᠶ ᠶᠢᠨ ᠦᠢᠯᠡᠳᠬᠦᠨ ᠤ ᠠᠷᠠᠯᠵᠢᠶᠠᠨ ᠤ ᠵᠠᠮ ᠪᠠ | ᠬᠡᠯᠪᠡᠷᠢ ᠶᠢ ᠪᠠᠶᠠᠯᠢᠭᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠡ ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ︶ | 12. ᠠᠮᠢ ᠠᠬᠤᠶ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠠᠮᠢ | ᠠᠬᠤᠶ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠪᠤᠶᠢᠵᠢᠭᠤᠯᠤᠨ | ᠬᠥᠭᠵᠢᠭᠦᠯᠵᠦ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠠᠮᠤᠷᠤᠭᠰᠠᠨ | ᠠᠮᠢ ᠠᠬᠤᠶ ᠶᠢᠨ ᠬᠤᠪᠢ ᠬᠤᠷᠠᠮᠳᠤᠭᠤᠯᠬᠤ ᠰᠢᠰᠲ᠋ᠧᠮ ᠢ ᠪᠠᠶᠢᠭᠤᠯᠤᠨ᠂ ᠠᠮᠢ ᠠᠬᠤᠶ ᠣᠷᠴᠢᠨ ᠲᠣᠭᠤᠷᠢᠨ ᠢ | ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠲᠡᠭᠡᠮᠵᠢ ᠠᠯᠳᠠᠭᠰᠠᠨ ᠬᠠᠷ᠎ᠠ ᠲᠠᠩᠰᠠᠨ ᠳᠤ | ᠣᠷᠣᠭᠤᠯᠤᠨ᠎ᠠ᠃ ᠠᠮᠢ ᠠᠬᠤᠢ ᠶᠢᠨ ᠢᠲᠡᠭᠡᠮᠵᠢ ᠶᠢᠨ ᠰᠢᠰᠲ᠋ᠧᠮ ᠢ ᠬᠡᠷᠡᠭᠯᠡᠨ ᠠᠵᠤ ᠠᠬᠤᠶᠢᠯᠠᠯ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠠᠮᠢ ᠠᠬᠤᠢ ᠶᠢᠨ ᠬᠤᠪᠢ ᠬᠤᠷᠠᠮᠳᠤᠭᠤᠯᠬᠤ ᠰᠢᠰᠲ᠋ᠧᠮ ᠤᠨ | ᠬᠤᠪᠢ ᠣᠯᠭᠤᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠦᠵᠡᠭᠦᠯᠦᠭᠰᠡᠨ ᠬᠤᠪᠢ ᠨᠡᠮᠡᠷᠢ ᠪᠠᠷ | ᠦᠨᠳᠦᠰᠦᠯᠡᠯ ᠪᠣᠯᠭᠠᠵᠤ ᠬᠤᠪᠢ ᠤᠯᠭᠤᠬᠤ ᠶᠢᠨ ᠲᠠᠭᠠᠤ ᠳᠤ ᠠᠮᠢ ᠠᠬᠤᠶ ᠶᠢᠨ ᠦᠢᠯᠡᠳᠬᠦᠨ ᠤ ᠬᠠᠷᠠᠭᠠᠯᠵᠠᠯᠲᠤ | ᠦᠶᠯᠡᠴᠢᠯᠡᠭᠡ ᠪᠠ ᠮᠥᠩᠭᠦᠨ ᠭᠦᠶᠯᠭᠡᠭᠡᠨ ᠤ ᠦᠶᠯᠡᠴᠢᠯᠡᠭᠡ ᠬᠠᠩᠭᠠᠵᠤ᠂ ᠪᠣᠬᠢᠷᠲᠤᠯ ᠥᠬᠡᠶ ᠠᠵᠤ ᠦᠶᠯᠡᠰ ᠤᠨ | ᠪᠠᠯᠠ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠨ᠂ ᠪᠣᠬᠢᠷᠲᠤᠯ ᠥᠬᠡᠶ ᠮᠥᠩᠭᠦᠨ ᠭᠦᠶᠯᠭᠡᠭᠡᠨ ᠤ ᠣᠯᠠᠨ ᠡᠰᠢᠵᠢᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠵᠡᠷᠭᠡ︶ | ︵ ᠨᠠᠢᠮᠠ︶ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠤᠨ ᠠᠷᠠᠯᠵᠢᠶ᠎ᠠ ᠶᠢ ᠠᠬᠢᠭᠤᠯᠤᠨ᠎ᠠ | 13. ᠪᠣᠬᠢᠷᠲᠤᠯ ᠪᠤᠳᠠᠰ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠦᠷᠢᠮ ᠢ ᠪᠦᠷᠢᠨᠰᠢᠬᠦᠯᠵᠦ᠂ | ᠪᠣᠬᠢᠷᠲᠤᠯ ᠪᠤᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢᠶᠠᠷ ᠭᠤᠤᠯ ᠪᠣᠯᠭᠠᠭᠰᠠᠨ ᠪᠣᠬᠢᠷᠲᠤᠯ ᠪᠤᠳᠠᠰ ᠤᠨ | ᠲᠤᠬᠳᠠᠮᠠᠯ ᠡᠬᠢ ᠶᠢ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ᠂ ᠪᠣᠬᠢᠷᠲᠤᠯ ᠪᠤᠳᠠᠰ ᠭᠠᠳᠠᠭᠰᠢᠯᠠᠭᠤᠯᠬᠤ ᠶᠢ | ᠵᠥᠪᠰᠢᠶᠡᠷᠡᠬᠦ ︽ᠨᠢᠭᠡ ᠦᠨᠡᠮᠯᠡᠯ ᠤᠨ ᠮᠠᠶ᠋ᠢᠭ︾ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ | ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠪᠤᠬᠢᠷᠳᠤᠯ ᠪᠤᠳᠠᠰ ᠤᠨ ᠡᠬᠢ ᠶᠢᠨ ᠨᠡᠶᠢᠳᠡᠮ ᠪᠠᠶᠢᠴᠠᠭᠠᠯᠲᠠ︾ ᠶᠢᠨ | ᠲᠠᠪᠴᠠᠩ ᠳᠤ ᠲᠦᠰᠢᠭᠯᠡᠨ᠂ ᠰᠢᠨ᠎ᠡ ᠪᠠᠷ ᠨᠡᠮᠡᠭᠳᠡᠭᠰᠡᠨ ᠪᠣᠬᠢᠷᠲᠤᠯ ᠪᠤᠳᠠᠰ ᠤᠨ ᠲᠣᠭᠲᠠᠮᠠᠯ ᠡᠬᠢ ᠶᠢᠨ ᠪᠣᠬᠢᠷᠲᠤᠯ | ᠪᠤᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠣᠯᠭᠤᠬᠤ ᠠᠵᠢᠯ ᠢ ᠰᠠᠶᠢᠲᠤᠷ ᠬᠢᠵᠦ᠂ | ᠮᠠᠨ ᠤ ᠲᠤᠭᠤᠷᠢᠭ ᠤᠨ ᠪᠣᠬᠢᠷᠲᠤᠯ ᠪᠤᠳᠠᠰ ᠤᠨ ᠲᠣᠭᠲᠠᠮᠠᠯ ᠡᠬᠢ ᠶᠢᠨ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ | ᠲᠠᠪᠴᠠᠩ ᠳᠤ ᠲᠦᠰᠢᠭᠯᠡᠨ᠂ ᠪᠣᠬᠢᠷᠲᠤᠯ ᠪᠤᠳᠠᠰ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢ ᠠᠬᠢᠭᠤᠯᠤᠨ᠎ᠠ᠃ ︵ | ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠠᠷᠢᠭᠤᠴᠠᠯᠭᠠᠲᠤ | ᠨᠢᠭᠡᠴᠢ᠄ ᠲᠤᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 14. ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶᠠᠨ ᠤ ᠲᠣᠭᠲᠠᠴᠠ ᠳᠤ ᠲᠦᠰᠢᠭᠯᠡᠨ᠂ ᠡᠨᠧᠷᠭᠢ ᠬᠡᠷᠡᠭᠯᠡᠬᠦ | ᠡᠷᠬᠡ ᠶᠢᠨ ᠠᠷᠠᠯᠵᠢᠶᠠᠨ ᠤ ᠠᠵᠢᠯ ᠢ ᠭᠦᠨᠵᠡᠭᠡᠶ ᠥᠷᠨᠢᠭᠦᠯᠵᠦ᠂ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶᠠᠨ ᠤ | ᠲᠤᠷᠰᠢᠯᠲᠠ ᠶᠢ ᠪᠤᠶᠢᠵᠢᠭᠤᠯᠤᠨ ᠬᠥᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠶᠢᠰᠦ︶ ᠠᠮᠢ ᠠᠬᠤᠶ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠢ ᠠᠬᠢᠭᠤᠯᠤᠨ᠎ᠠ | 15. ᠪᠠᠶᠢᠭᠠᠯᠢᠯᠢᠭ ᠲᠡᠵᠢᠭᠡᠨ ᠦᠷᠡᠵᠢᠭᠦᠯᠬᠦ᠂ ᠥᠪᠡᠰᠦᠪᠡᠨ ᠦᠷᠡᠵᠢᠵᠦ ᠥᠪᠡᠰᠦᠪᠡᠨ ᠲᠡᠵᠢᠭᠡᠬᠦ ᠵᠡᠷᠭᠡ | ᠪᠠᠶᠢᠭᠠᠯᠢᠯᠢᠭ ᠳᠠᠷᠢᠵᠤ ᠲᠡᠵᠢᠭᠡᠬᠦ ᠵᠠᠭᠪᠤᠷ ᠢ ᠬᠡᠷᠡᠭᠯᠡᠨ᠂ ᠠᠮᠢ ᠠᠬᠤᠶ ᠶᠢᠨ ᠦᠶᠯᠡᠳᠬᠦᠨ ᠤ ᠥᠷᠲᠡᠭ ᠢ | ᠳᠡᠭᠡᠭᠰᠢᠯᠡᠭᠦᠯᠦᠨ᠎ᠡ᠃ ᠲᠡᠷᠢᠭᠦᠨ ᠤ ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠶᠢ ᠬᠡᠷᠡᠭᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠠᠵᠤ ᠦᠢᠯᠡᠰ ᠤᠨ ᠬᠡᠯᠬᠢᠶ᠎ᠡ ᠪᠠ | ᠦᠷᠲᠡᠭ ᠤᠨ ᠬᠡᠯᠬᠢᠶ᠎ᠡ ᠶᠢ ᠥᠷᠭᠡᠳᠬᠡᠨ ᠤᠷᠲᠤᠳᠬᠠᠨ᠎ᠠ᠃ ᠠᠮᠢ ᠠᠬᠤᠶ ᠶᠢᠨ ᠦᠶᠯᠡᠳᠬᠦᠨ ᠤ ᠶᠠᠰᠤ ᠴᠢᠨᠠᠷ ᠢ | ᠮᠦᠷᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠷᠠᠯᠵᠢᠶ᠎ᠠ ᠭᠦᠶᠯᠭᠡᠭᠡᠨ ᠤ ᠪᠥᠬᠦ ᠶᠠᠪᠤᠴᠠ ᠳᠤ ᠬᠢᠨᠠᠯᠲᠠ | ᠲᠠᠯᠪᠢᠬᠤ ᠰᠢᠰᠲ᠋ᠧᠮ ᠢ ᠪᠦᠷᠢᠨᠰᠢᠬᠦᠯᠥᠨ᠂ ᠴᠦᠷᠬᠡᠯᠡᠭᠡ ᠬᠡᠯᠬᠢᠶ᠎ᠡ ᠵᠡᠷᠭᠡ ᠰᠢᠨ᠎ᠡ ᠮᠡᠷᠭᠡᠵᠢᠯ ᠤᠨ ᠬᠡᠷᠡᠭᠯᠡᠭᠡᠨ ᠢ | ᠠᠬᠢᠭᠤᠯᠵᠤ᠂ ᠠᠮᠢ ᠠᠬᠤᠶ ᠶᠢᠨ ᠦᠶᠯᠡᠳᠬᠦᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠬᠤ᠂ ᠶᠠᠰᠤ ᠴᠢᠨᠠᠷ ᠢ | ᠮᠦᠷᠳᠡᠵᠦ ᠪᠣᠯᠬᠤ᠂ ᠬᠠᠷᠢᠭᠤᠴᠠᠯᠭ᠎ᠠ ᠶᠢ ᠨᠡᠬᠡᠮᠵᠢᠯᠡᠨ ᠪᠠᠶᠢᠴᠠᠭᠠᠵᠤ ᠪᠣᠯᠬᠤ ᠶᠢ ᠪᠡᠶᠡᠯᠡᠭᠦᠯᠦᠨ᠎ᠡ᠃ ︵ᠲᠦᠷᠦᠭᠦᠯᠡᠨ | ᠬᠢᠬᠦ ᠨᠢᠭᠡᠴᠢ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ | ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ︶ | 16. ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠠᠮᠢ ᠠᠬᠤᠶ ᠶᠢᠨ ᠦᠶᠯᠡᠳᠬᠦᠨ ᠤ ᠡᠵᠡᠩᠨᠡᠯᠲᠡ | ᠨᠡᠭᠡᠭᠡᠨ ᠬᠥᠭᠵᠢᠭᠦᠯᠬᠦ ᠡᠷᠬᠡ ᠠᠰᠢᠭ ᠲᠠᠢ ᠬᠤᠯᠪᠣᠭᠳᠠᠭᠤᠯᠬᠤ ᠶᠢ ᠵᠣᠷᠢᠭᠵᠢᠭᠤᠯᠵᠤ᠂ ᠠᠭᠯᠠᠭ ᠠᠭᠤᠯᠠ ᠠᠲᠠᠷ | ᠭᠠᠵᠠᠷ᠂ ᠡᠯᠡᠰᠦᠷᠬᠡᠭᠵᠢᠯ ᠴᠦᠯᠯᠡᠷᠭᠡᠭᠵᠢᠯ ᠵᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠭᠰᠡᠨ | ᠨᠡᠶᠢᠭᠡᠮ ᠤᠨ ᠭᠤᠤᠯ ᠴᠣᠭᠴᠠ ᠶᠢᠨ ᠠᠮᠢ ᠠᠬᠤᠶ ᠶᠢᠨ ᠦᠷ᠎ᠡ ᠠᠰᠢᠭ ᠢ ᠪᠠᠲᠤᠯᠠᠬᠤ ᠪᠠ ᠬᠠᠤᠯᠢ ᠲᠣᠭᠲᠠᠭᠠᠯ ᠢ | ᠵᠢᠷᠦᠮᠯᠡᠭᠰᠡᠨ ᠤᠷᠢᠲᠠᠯ ᠳᠤᠤᠷ᠎ᠠ᠂ ᠵᠣᠬᠢᠬᠤ ᠬᠠᠷᠢᠴᠠᠯ ᠤᠨ ᠭᠠᠵᠠᠷ ᠰᠢᠷᠣᠶ ᠪᠠᠷ ᠠᠮᠢ ᠠᠬᠤᠶ ᠶᠢᠨ ᠲᠠᠷᠢᠶᠠᠯᠠᠩ᠂ ᠠᠮᠢ | ᠠᠬᠤᠶ ᠶᠢᠨ ᠵᠢᠭᠤᠯᠴᠢᠯᠠᠯ ᠢ ᠬᠥᠭᠵᠢᠭᠦᠯᠵᠦ ᠠᠰᠢᠭ ᠣᠷᠣᠯᠭ᠎ᠠ ᠤᠯᠬᠤ ᠶᠢ ᠵᠥᠪᠰᠢᠶᠡᠷᠡᠨ᠎ᠡ᠃ ︵ᠲᠦᠷᠦᠭᠦᠯᠡᠨ ᠬᠢᠬᠦ | ᠨᠢᠭᠡᠴᠢ᠄ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ᠂ | ᠰᠣᠶᠣᠯ ᠪᠠ ᠵᠢᠭᠤᠯᠴᠢᠯᠠᠯ ᠤᠨ ᠲᠣᠪᠴᠢᠶ᠎ᠠ︶ | 17. ᠮᠠᠯᠴᠢᠨ ᠲᠠᠷᠢᠶᠠᠴᠢᠳ ᠤᠨ ᠬᠤᠪᠢ ᠣᠷᠣᠭᠤᠯᠵᠤ ᠠᠰᠢᠭ ᠤᠯᠵᠠᠪᠤᠷᠢ ᠬᠤᠪᠢᠶᠠᠬᠤ ᠵᠠᠭᠪᠤᠷ ᠢ | ᠬᠡᠷᠡᠭᠵᠢᠭᠦᠯᠬᠦ ᠶᠢ ᠵᠣᠷᠢᠭᠵᠢᠭᠤᠯᠤᠨ᠂ ᠠᠮᠢ ᠠᠬᠤᠶ ᠶᠢᠨ ᠦᠢᠯᠡᠳᠬᠦᠨ ᠤ ᠡᠵᠡᠩᠨᠡᠯᠲᠡ ᠨᠡᠭᠡᠭᠡᠨ ᠬᠥᠭᠵᠢᠭᠦᠯᠬᠦ ᠳᠤ | ᠣᠷᠣᠯᠴᠠᠭᠰᠠᠨ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ︶ | ᠵᠢᠷᠭᠤᠭ᠎ᠠ᠂ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ | ︵ᠠᠷᠪᠠ︶ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠭᠦᠯᠦᠨ᠎ᠡ | 18. ᠬᠥᠨᠳᠡᠯᠡᠨ ᠴᠢᠭᠯᠡᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠬᠥᠷᠰᠢ ᠵᠡᠷᠭᠡᠯᠡᠳᠡᠭᠡ ᠬᠤᠰᠢᠭᠤ ᠰᠢᠶᠠᠨ ᠲᠣᠭᠤᠷᠢᠭ ᠯᠤᠭ᠎ᠠ ᠶᠢᠨ ᠬᠤᠭᠤᠷᠣᠨᠳᠣᠬᠢ | ᠣᠯᠠᠨ ᠡᠰᠢᠵᠢᠭᠰᠡᠨ ᠨᠥᠬᠦᠪᠥᠷᠢ ᠶᠢ ᠰᠦᠪᠡᠭᠴᠢᠯᠡᠨ ᠥᠷᠨᠢᠭᠦᠯᠵᠦ᠂ ᠰᠢᠶᠠᠨ ᠢᠶᠠᠷ ᠦᠨᠳᠦᠰᠦᠨ ᠨᠢᠭᠡᠴᠢ ᠪᠣᠯᠭᠠᠭᠰᠠᠨ | ᠲᠤᠭᠤᠷᠢᠭ ᠤᠨ ᠳᠣᠲᠣᠷᠠᠬᠢ ᠰᠠᠪᠠ ᠭᠠᠵᠠᠷ ᠤᠨ ᠳᠡᠭᠡᠳᠦ ᠳᠤᠤᠷᠠᠳᠤ ᠤᠷᠤᠰᠬᠠᠯ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠢ ᠦᠷᠨᠢᠭᠦᠯᠬᠦ ᠶᠢ ᠠᠬᠢᠭᠤᠯᠤᠨ᠂ ᠠᠰᠢᠭ ᠲᠤᠰᠠ ᠶᠢᠨ | ᠬᠤᠪᠢᠶᠠᠷᠢᠯᠠᠯᠲᠠ ᠪᠠ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠦᠷᠢᠨᠰᠢᠭᠦᠯᠦᠨ᠎ᠡ᠃ ︵ | ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︶ | ᠤᠯᠤᠰ ᠤᠨ 2023 ᠣᠨ ᠤ ᠪᠠᠶᠢᠭᠠᠯᠢᠯᠢᠭ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ | ᠬᠠᠮᠢᠶᠠᠷᠤᠨ ᠬᠠᠮᠠᠭᠠᠯᠠᠬᠤ ᠢᠨᠵᠧᠨᠧᠷᠢᠩ ᠤᠨ ᠨᠥᠬᠦᠪᠥᠷᠢ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠲᠦᠷᠦᠭᠦᠯᠡᠨ | ᠬᠢᠬᠦ ᠨᠢᠭᠡᠴᠢ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠤᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ︶ | 19. ᠠᠮᠢ ᠠᠬᠤᠢ ᠤᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ ᠦᠢᠯᠡ ᠠᠵᠢᠯᠯᠠᠭ᠎ᠠ ᠠᠴᠠ | ᠲᠦᠯᠦᠪᠦᠷᠢ ᠠᠪᠬᠤ ᠲᠤᠭᠲᠠᠴᠠ ᠶᠤᠰᠤᠭᠠᠷ᠂ ᠠᠮᠢ ᠠᠬᠤᠢ ᠤᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ | ᠦᠢᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠠᠤᠯᠢ ᠴᠠᠭᠠᠵᠠ ᠶᠢᠨ | ᠵᠤᠯᠭᠠᠯᠴᠠᠭ᠎ᠠ ᠶᠢ ᠴᠢᠩᠭᠠᠳᠬᠠᠵᠤ᠂ ᠠᠮᠢ ᠠᠬᠤᠢ ᠤᠷᠴᠢᠨ ᠲᠤᠭᠤᠷᠢᠨ ᠢ ᠡᠪᠳᠡᠬᠦ ᠬᠠᠤᠯᠢ ᠠᠴᠠ ᠵᠦᠷᠢᠴᠡᠬᠦ | ᠦᠪᠡᠷ ᠤᠨ ᠦᠷᠲᠡᠭ ᠢ ᠲᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠠᠮᠢ ᠠᠬᠤᠶ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢᠨ | ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ︵ᠲᠦᠷᠦᠭᠦᠯᠡᠨ ᠬᠢᠬᠦ | ᠨᠢᠭᠡᠴᠢ᠄ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ︶ | ᠲᠣᠭᠲᠠᠭᠠᠯ ᠶᠣᠰᠣᠭᠠᠷ ᠪᠣᠬᠢᠷ ᠤᠰᠤ᠂ ᠬᠤᠭ ᠨᠣᠪᠰᠢ ᠰᠢᠶᠳᠪᠦᠷᠢᠯᠡᠬᠦ ᠠᠴᠠ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠬᠤ ᠪᠠ ᠲᠤᠬᠢᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ | ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ | ᠠᠩᠬ᠎ᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠲᠤᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︶ | ︵ᠠᠷᠪᠠᠨ ᠨᠢᠭᠡ︶ ᠪᠤᠬᠢᠷᠳᠤᠯ ᠦᠭᠡᠢ ᠮᠥᠩᠭᠦᠨ ᠭᠦᠶᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ | 20. ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠤᠬᠢᠷᠳᠤᠯ ᠦᠭᠡᠢ ᠮᠥᠩᠭᠦᠨ | ᠭᠦᠶᠯᠭᠡᠭᠡᠨ ᠤ ᠲᠤᠰᠬᠠᠶ ᠡᠵᠡᠩᠨᠡᠯᠲᠡ ᠶᠢᠨ ᠰᠠᠯᠠᠭ᠎ᠠ ᠮᠥᠴᠢᠷ ᠢ ᠪᠠᠶᠢᠭᠤᠯᠵᠤ᠂ ᠪᠤᠬᠢᠷᠳᠤᠯ ᠦᠭᠡᠢ ᠮᠥᠩᠭᠦᠨ | ᠭᠦᠶᠯᠭᠡᠭᠡᠨ ᠤ ᠦᠢᠯᠡᠳᠬᠦᠨ ᠪᠠ ᠦᠶᠯᠡᠴᠢᠯᠡᠭᠡᠨ ᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠣᠢ ᠰᠢᠭᠤᠶ ᠶᠢᠨ | ᠡᠷᠬᠡ᠂ ᠤᠰᠤᠨ ᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠪᠣᠬᠢᠷᠲᠤᠯ ᠪᠤᠳᠠᠰ | ᠭᠠᠳᠠᠭᠰᠢᠯᠠᠭᠤᠯᠬᠤ ᠡᠷᠬᠡ ᠵᠡᠷᠭᠡ ᠪᠠᠷ ᠲᠡᠨᠵᠢ ᠪᠤᠯᠭᠠᠬᠰᠠᠨ ᠣᠨᠴᠠᠯᠢᠭᠲᠤ ᠪᠤᠬᠢᠷᠳᠤᠯ ᠦᠭᠡᠢ ᠢᠲᠡᠭᠡᠮᠵᠢᠲᠦ | ᠵᠢᠭᠡᠯᠡᠯᠭᠡ ᠶᠢᠨ ᠦᠢᠯᠡᠳᠬᠦᠨ ᠢ ᠢᠳᠡᠪᠬᠢᠲᠡᠢ ᠬᠥᠭᠵᠢᠭᠦᠯᠦᠨ᠎ᠡ᠃ ᠪᠠᠩᠬᠢ ᠬᠢᠭᠡᠳ ᠲᠠᠭᠠᠭᠤᠯᠤᠭᠴᠢ ᠠᠵᠤ ᠠᠬᠤᠶᠢᠯᠠᠯ | ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠤᠭᠤᠷᠣᠨᠳᠣᠬᠢ ᠣᠯᠣᠯᠴᠠᠭ᠎ᠠ | ᠨᠡᠪᠲᠡᠷᠡᠯᠴᠡᠭᠡ ᠶᠢᠨ ᠬᠥᠭᠦᠷᠭᠡ ᠬᠤᠯᠪᠣᠭᠠᠰᠤ ᠶᠢ ᠢᠳᠡᠪᠬᠢᠲᠡᠶ ᠪᠠᠶᠢᠭᠤᠯᠤᠨ᠎ᠠ᠃ ᠠᠮᠢ ᠠᠬᠤᠢ ᠶᠢᠨ ᠵᠢᠭᠤᠯᠴᠢᠯᠠᠯ᠂ | ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠲᠥᠷᠥᠯ ᠤᠨ ᠪᠡᠯᠡᠨ ᠵᠣᠭᠤᠰ ᠤᠨ ᠭᠦᠢᠯᠭᠡᠭᠡᠨ | ᠲᠣᠭᠲᠠᠭᠤᠨ ᠪᠠᠶᠢᠬᠤ ᠲᠠᠭᠠᠭᠤᠯᠤᠭᠴᠢ ᠠᠵᠤ ᠠᠬᠤᠶᠢᠯᠠᠯ ᠤᠨ ᠪᠣᠬᠢᠷᠲᠤᠯ ᠦᠭᠡᠢ ᠡᠳ᠋ ᠬᠥᠷᠥᠩᠭᠡ ᠶᠢᠨ | ᠳᠡᠮᠵᠢᠯᠭᠡ ᠶᠢᠨ ᠲᠡᠮᠳᠡᠭᠲᠦ ᠲᠠᠷᠬᠠᠭᠠᠬᠤ ᠶᠢ ᠳᠠᠮᠵᠢᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ᠠᠮᠢ ᠠᠬᠤᠶ ᠶᠢᠨ | ᠬᠠᠮᠠᠭᠠᠯᠠᠯᠲᠠ ᠶᠢᠨ ᠲᠦᠯᠦᠪᠦᠷᠢ ᠦᠭᠬᠦ ᠪᠣᠬᠢᠷᠲᠤᠯ ᠥᠬᠡᠶ ᠳᠠᠭᠠᠳᠬᠠᠯ ᠤᠨ ᠦᠢᠯᠡᠳᠬᠦᠨ ᠢ ᠨᠡᠭᠡᠭᠡᠨ | ᠬᠥᠭᠵᠢᠭᠦᠯᠬᠦ ᠳᠤ ᠣᠷᠣᠯᠴᠠᠬᠤ ᠶᠢ ᠵᠣᠷᠢᠭᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ︶ | ᠵᠢᠷᠭᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ | ︵ᠠᠷᠪᠠᠨ ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | 21. ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠠᠮᠢ ᠠᠬᠤᠶ ᠶᠢᠨ | ᠦᠢᠯᠡᠳᠬᠦᠨ ᠤ ᠥᠷᠲᠡᠭ ᠢ ᠪᠡᠶᠡᠯᠡᠭᠦᠯᠬᠦ ᠶᠢ ᠠᠬᠢᠭᠤᠯᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ | ᠬᠤᠷᠠᠯ ᠢ ᠪᠠᠶᠢᠭᠤᠯᠵᠤ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠢᠵᠢ | ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠦᠨᠡᠨ | ᠬᠦ ᠰᠠᠶᠢᠲᠤᠷ ᠠᠳᠬᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠦᠴᠦᠲᠡᠶ ᠠᠷᠭ᠎ᠠ ᠬᠡᠮᠵᠢᠶ᠎ᠡ ᠠᠪᠴᠤ᠂ | ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠳᠦᠷᠢᠮ ᠤᠨ | ᠪᠤᠲᠠᠲᠠᠢ ᠨᠠᠶᠢᠳᠠᠪᠦᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠢ᠄ | ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ ᠄ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ︶ | ︵ᠠᠷᠪᠠᠨ ᠭᠤᠷᠪᠠ︶ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ | 22. ᠮᠠᠨ ᠤ ᠲᠤᠭᠤᠷᠢᠭ ᠤᠨ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠠᠮᠢ | ᠠᠬᠤᠶ ᠶᠢᠨ ᠰᠢᠰᠲ᠋ᠧᠮ ᠤᠨ ᠲᠠᠷᠬᠠᠯᠲᠠ᠂ ᠠᠮᠢ ᠠᠬᠤᠶ ᠶᠢᠨ ᠦᠢᠯᠡᠳᠬᠦᠨ ᠤ ᠬᠥᠭᠵᠢᠯᠲᠡ ᠶᠢᠨ ᠰᠠᠭᠤᠷᠢ ᠵᠡᠷᠭᠡ ᠶᠢ | ᠶᠡᠷᠦᠩᠬᠡᠶᠢᠯᠡᠨ ᠪᠣᠳᠣᠯᠬᠢᠯᠠᠵᠤ᠂ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢᠨ | ᠲᠤᠷᠰᠢᠯᠲᠠ ᠶᠢᠨ ᠴᠡᠭ ᠤᠨ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠰᠤᠳᠤᠯᠵᠤ᠂ ᠭᠤᠣᠯᠳᠠᠭᠤ ᠥᠷᠲᠡᠭ ᠤᠨ | ᠲᠣᠭᠠᠴᠠᠭ᠎ᠠ ᠬᠢᠬᠦ ᠶᠢᠨ ᠬᠡᠷᠡᠭᠯᠡᠯᠲᠡ᠂ ᠠᠷᠭ᠎ᠠ ᠵᠠᠮ ᠤᠨ ᠵᠠᠭᠪᠤᠷ ᠢ ᠰᠦᠪᠡᠭᠴᠢᠯᠡᠬᠦ᠂ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠵᠡᠷᠭᠡ ᠶᠢᠨ ᠲᠣᠭᠤᠷᠢᠨ ᠳᠤ ᠰᠤᠳᠤᠯᠭᠠᠨ ᠤ ᠲᠤᠷᠰᠢᠯᠲᠠ ᠬᠢᠨ᠎ᠡ᠃ ︵ᠲᠦᠷᠦᠭᠦᠯᠡᠨ ᠬᠢᠬᠦ ᠨᠢᠭᠡᠴᠢ᠄ | ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠠᠷᠪᠠᠨ ᠳᠥᠷᠪᠡ︶ ᠬᠢᠨᠠᠨ ᠰᠢᠯᠭᠠᠵᠦ ᠱᠠᠩᠨᠠᠵᠤ ᠲᠣᠷᠭᠠᠬᠤ ᠶᠢ ᠴᠢᠩᠭᠠᠳᠬᠠᠨ᠎ᠠ | 23. ᠠᠮᠢ ᠠᠬᠤᠢ ᠶᠢᠨ ᠦᠶᠯᠡᠳᠬᠦᠨ ᠤ ᠥᠷᠲᠡᠭ ᠢ ᠪᠡᠶᠡᠯᠡᠭᠦᠯᠬᠦ ᠬᠢᠨᠠᠨ ᠰᠢᠯᠭᠠᠬᠤ ᠠᠷᠭ᠎ᠠ ᠶᠢᠨ ᠶᠣᠰᠣᠭᠠᠷ᠂ | ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠤ ᠠᠮᠢ ᠠᠬᠤᠢ ᠶᠢᠨ ᠬᠠᠮᠠᠭᠠᠯᠠᠯᠲᠠ ᠶᠢᠨ ᠠᠮᠵᠢᠯᠲᠠ | ᠪᠦᠲᠦᠮᠵᠢ ᠶᠢᠨ ᠦᠨᠡᠯᠡᠯᠲᠡ ᠶᠢ ᠤᠷᠢᠳ ᠢᠶᠠᠷ ᠪᠤᠳᠤᠯᠬᠢᠯᠠᠬᠤ ᠶᠢ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠢ ᠶᠢᠨ | ᠦᠶᠯᠡᠳᠬᠦᠨ ᠤ ᠬᠠᠩᠭᠠᠯᠭ᠎ᠠ ᠶᠢᠨ ᠴᠢᠳᠠᠪᠤᠷᠢ᠂ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠮᠢ | ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠵᠡᠷᠭᠡ ᠭᠦᠶᠴᠡᠳᠬᠡᠯ ᠲᠤᠭ᠎ᠠ ᠶᠢ ᠭᠤᠤᠯᠳᠠᠯᠭ᠎ᠠ ᠲᠠᠢ ᠬᠢᠨᠠᠨ | ᠰᠢᠯᠭᠠᠵᠦ᠂ ᠪᠤᠰᠤᠳ ᠭᠤᠤᠯ ᠴᠣᠭᠴᠠ ᠶᠢᠨ ᠴᠢᠳᠠᠮᠵᠢᠲᠤ ᠣᠷᠣᠨ ᠳᠤ ᠠᠵᠤ ᠠᠬᠤᠢ ᠶᠢᠨ ᠬᠥᠭᠵᠢᠯᠲᠡ ᠪᠠ ᠠᠮᠢ | ᠠᠬᠤᠢ ᠶᠢᠨ ᠦᠶᠯᠡᠳᠬᠦᠨ ᠤ ᠥᠷᠲᠡᠭ ᠤᠨ ︽ᠬᠤᠤᠰ ᠬᠢᠨᠠᠨ ᠰᠢᠯᠭᠠᠬᠤ︾ ᠶᠢ ᠴᠠᠭ ᠲᠤᠨᠢ ᠲᠤᠬᠢᠷᠠᠭᠤᠯᠤᠨ | ᠥᠷᠨᠢᠭᠦᠯᠦᠨ᠎ᠡ᠃ ᠠᠮᠢ ᠠᠬᠤᠢ ᠶᠢᠨ ᠦᠶᠯᠡᠳᠬᠦᠨ ᠤ ᠦᠷᠳᠡᠭ ᠤᠨ ᠭᠦᠢᠴᠡᠳᠬᠡᠯ ᠲᠤᠭ᠎ᠠ ᠶᠢ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ | ᠦᠨᠡᠯᠡᠯᠲᠡ ᠳᠤ ᠣᠷᠣᠭᠤᠯᠬᠤ ᠶᠢ ᠰᠦᠪᠡᠭᠴᠢᠯᠡᠵᠦ᠂ ᠠᠮᠢ ᠠᠬᠤᠢ ᠶᠢᠨ ᠦᠶᠯᠡᠳᠬᠦᠨ ᠤ ᠦᠷᠳᠡᠭ ᠢ ᠪᠡᠶᠡᠯᠡᠭᠦᠯᠬᠦ | ᠠᠵᠢᠯ ᠢ ᠠᠬᠢᠭᠤᠯᠤᠭᠰᠠᠨ ᠪᠠᠶᠢᠳᠠᠯ ᠢᠶᠠᠷ ᠨᠠᠮ ᠵᠠᠰᠠᠭ ᠤᠨ ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ | ᠤᠳᠤᠷᠢᠳᠬᠤ ᠺᠠᠳ᠋ᠷ ᠢ ᠦᠨᠡᠯᠡᠬᠦ ᠴᠢᠬᠤᠯᠠ ᠯᠠᠪᠯᠠᠯᠲᠠ ᠪᠣᠯᠭᠠᠨ᠎ᠠ᠃ ︵ᠲᠦᠷᠦᠭᠦᠯᠡᠨ ᠬᠢᠬᠦ ᠨᠢᠭᠡᠴᠢ᠄ ᠲᠤᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ︶ | 24. ᠲᠤᠰᠢᠶᠠᠯ ᠤᠨ ᠬᠤᠭᠤᠴᠠᠭᠠᠨ ᠳᠠᠭᠠᠨ ᠠᠮᠢ ᠠᠬᠤᠶ ᠶᠢᠨ ᠦᠶᠯᠡᠳᠬᠦᠨ ᠤ ᠥᠷᠲᠡᠭ ᠢ ᠬᠦᠨᠳᠦ | ᠨᠣᠴᠢᠲᠠᠶ ᠪᠠᠭᠤᠷᠠᠭᠤᠯᠤᠭᠰᠠᠨ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ | ᠬᠤᠯᠪᠣᠭᠳᠠᠯ ᠪᠥᠬᠦᠶ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ︵ᠲᠦᠷᠦᠭᠦᠯᠡᠨ | ᠬᠢᠬᠦ ᠨᠢᠭᠡᠴᠢ᠄ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ︶ |