4 ᠰᠠᠷ᠎ᠠ ᠶᠢᠨ 26 ᠤ ᠡᠳᠦᠷ ᠪᠤᠷᠬᠠᠨᠲᠤ ᠪᠠᠯᠭᠠᠰᠤᠨ ᠤ ᠴᠠᠭᠠᠨ ᠬᠤᠳᠠ ᠲᠠᠪᠤᠳᠤᠭᠠᠷ ᠲᠣᠰᠬᠤᠨ ᠤ ᠪᠠᠷᠢᠮᠵᠢᠶᠠᠵᠢᠭᠰᠠᠨ ᠨᠦᠬᠡᠴᠡᠯᠡᠨ ᠬᠠᠳᠠᠭᠠᠯᠠᠬᠤ ᠰᠠᠩ ᠬᠥᠮᠥᠷᠭᠡ ᠶᠢᠨ ᠲᠥᠷᠥᠯ ᠵᠦᠢᠯ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2024/5/13
     ᠲᠤᠰ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 625 ᠲᠦᠮᠡᠨ ᠲᠥᠭᠦᠷᠢᠭ᠂ ᠭᠤᠤᠯᠳᠠᠭᠤ 4030 ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠨᠦᠬᠡᠴᠡᠯᠡᠨ ᠬᠠᠳᠠᠭᠠᠯᠠᠬᠤ ᠬᠥᠮᠥᠷᠭᠡ ᠪᠠ 750 ᠲᠡᠭᠰᠢ ᠳᠥᠷᠪᠡᠯᠵᠢᠨ ᠮᠧᠲᠷ ᠤᠨ ᠠᠯᠪᠠᠯᠠᠬᠤ ᠠᠰᠠᠷ ᠢ ᠰᠢᠨ᠎ᠡ ᠪᠠᠷ ᠪᠠᠶᠢᠭᠤᠯᠤᠨ᠎ᠠ᠃ ᠪᠠᠶᠢᠭᠤᠯᠵᠤ ᠪᠠᠷᠠᠭᠰᠠᠨ ᠤ ᠳᠠᠷᠠᠭ᠎ᠠ ᠦᠶᠯᠡᠳᠪᠦᠷᠢ ᠶᠢᠨ ᠪᠠᠶᠢᠰᠢᠩ ᠢ ᠲᠣᠰᠬᠤᠨ ᠤ ᠬᠠᠮᠲᠤ ᠶᠢᠨ ᠲᠣᠭᠲᠠᠮᠠᠯ ᠬᠥᠷᠥᠩᠭᠡ ᠳᠤ ᠣᠷᠣᠭᠤᠯᠵᠤ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠬᠦᠢᠯᠬᠡᠬᠡ ᠶᠢ ᠨᠢᠭᠡ ᠴᠣᠭᠴᠠᠵᠢᠭᠤᠯᠤᠭᠰᠠᠨ ᠬᠡᠪᠴᠢᠶᠡᠵᠢᠭᠰᠡᠨ ᠠᠵᠤ ᠦᠶᠯᠡᠰ ᠢ ᠪᠦᠷᠢᠯᠳᠦᠭᠦᠯᠵᠦ᠂ ᠵᠢᠯ ᠪᠦᠷᠢ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠶᠢ 40 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠬᠦ ᠪᠠᠷ ᠵᠢᠱᠢᠵᠦ ᠪᠣᠶ᠃ ᠲᠣᠰ ᠲᠥᠷᠥᠯ ᠵᠦᠶᠯ ᠤᠨ ᠪᠠᠷᠢᠯᠭ᠎ᠠ ᠡᠬᠢᠯᠡᠭᠰᠡᠨ ᠨᠢ ᠪᠤᠷᠬᠠᠨᠲᠤ ᠪᠠᠯᠭᠠᠰᠤᠨ ᠤ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠥᠷᠥᠯ ᠵᠦᠶᠯ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ᠂ ᠲᠠᠷᠢᠶᠠᠯᠠᠩ ᠤᠨ ᠦᠶᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠴᠠᠭᠰᠠᠨ᠂ ᠲᠤᠰᠬᠠᠶᠢᠵᠢᠭᠰᠠᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠦᠶᠯᠡᠳᠦᠯ ᠦᠵᠡᠬᠦᠯᠬᠦ ᠶᠤᠮ᠃ ︵ᠪᠤᠷᠬᠠᠨᠲᠤ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号