ᠨᠢᠭᠡ ᠳᠤ᠂ ᠲᠤᠰᠬᠠᠶ ᠮᠡᠷᠭᠡᠵᠢᠯ ᠤᠨ ᠨᠠᠶᠢᠳᠠᠵᠤ ᠠᠰᠠᠷᠠᠭᠤᠯᠬᠤ ᠪᠠᠶᠢᠭᠤᠯᠤᠮᠵᠢ ᠶᠢ ᠣᠷᠣᠭᠤᠯᠤᠨ | ᠠᠪᠴᠢᠷᠠᠪᠠ᠃ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠢᠶ᠎ᠠ ᠪᠦᠬᠦᠢ ᠬᠢᠷᠢ ᠬᠡᠮ ᠢ | ᠪᠦᠷᠢᠯᠳᠦᠬᠦᠯᠦᠭᠰᠡᠨ ᠨᠠᠶᠢᠳᠠᠵᠤ ᠠᠰᠠᠷᠠᠭᠤᠯᠬᠤ 3 ᠪᠠᠶᠢᠭᠤᠯᠤᠮᠵᠢ ᠶᠢ 3 ᠨᠡᠶᠢᠭᠡᠮ ᠲᠣᠭᠤᠷᠢᠭ ᠲᠤ ᠤᠷᠤᠭᠤᠯᠤᠨ | ᠠᠪᠴᠢᠷᠠᠵᠤ ᠨᠤᠳᠤᠬᠰᠢᠭᠤᠯᠵᠤ᠂ 0 — 3 ᠨᠠᠰᠤᠨ ᠤ 150 ᠨᠢᠯᠬ᠎ᠠ ᠬᠡᠦᠬᠡᠳ ᠲᠤ ᠠᠮᠤᠷ ᠲᠦᠪᠰᠢᠨ᠂ ᠲᠤᠰᠬᠠᠶ | ᠮᠡᠷᠭᠡᠵᠢᠯ ᠤᠨ ᠨᠢᠯᠬ᠎ᠠ ᠬᠡᠦᠬᠡᠳ ᠦᠶ᠎ᠠ ᠶᠢᠨ ᠬᠥᠮᠦᠵᠢᠭᠦᠯᠬᠦ ᠦᠶᠯᠡᠴᠢᠯᠡᠭᠡ ᠬᠠᠩᠭᠠᠪᠠ᠃ ᠬᠤᠶᠠᠷ ᠲᠤ᠂ ᠬᠡᠦᠬᠡᠳ | ᠪᠤᠶᠢᠵᠢᠭᠤᠯᠬᠤ ᠵᠢᠯᠣᠭᠤᠳᠣᠯᠭ᠎ᠠ ᠶᠢᠨ ᠬᠢᠴᠢᠶᠡᠯ ᠢ ᠲᠣᠭᠲᠠᠭᠠᠪᠠ᠃ ᠬᠡᠦᠬᠡᠳ ᠬᠥᠮᠦᠵᠢᠭᠦᠯᠬᠦ ᠲᠤᠬᠠᠢ ᠲᠠᠶᠢᠯᠤᠮᠵᠢ ᠪᠠ | ᠡᠴᠢᠭᠡ ᠡᠬᠡ ᠦᠷ᠎ᠡ ᠬᠡᠦᠬᠡᠳ ᠬᠠᠮᠳᠤ ᠪᠠᠷ ᠤᠷᠤᠯᠴᠠᠬᠰᠠᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ | ᠰᠦᠶᠳᠬᠡᠯ ᠬᠤᠷᠢᠶᠠᠬᠤ ᠥᠬᠡᠶ ᠪᠠᠷ ᠡᠷᠭᠢᠯᠡᠵᠦ᠂ ᠨᠡᠷ᠎ᠡ ᠨᠦᠯᠦᠬᠡ ᠲᠠᠢ ᠬᠡᠦᠬᠡᠳ ᠬᠥᠮᠦᠵᠢᠭᠦᠯᠦᠭᠴᠢ᠂ ᠬᠡᠷ | ᠪᠦᠯᠢ ᠶᠢᠨ ᠡᠷᠡᠭᠦᠯ ᠮᠡᠨᠳᠦ ᠶᠢᠨ ᠵᠢᠯᠣᠭᠤᠳᠣᠯᠭ᠎ᠠ ᠶᠢᠨ ᠲᠤᠰᠬᠠᠶ ᠮᠡᠷᠭᠡᠵᠢᠯᠲᠡᠨ ᠪᠠ ᠬᠡᠦᠬᠡᠳ ᠤᠨ ᠰᠡᠳᠬᠢᠴᠡ | ᠵᠦᠶ ᠶᠢᠨ ᠲᠤᠰᠬᠠᠶ ᠮᠡᠷᠭᠡᠵᠢᠯᠲᠡᠨ ᠠᠴᠠ ᠭᠤᠤᠯᠯᠠᠨ ᠲᠠᠶᠢᠯᠪᠤᠷᠢᠯᠠᠨ ᠶᠠᠷᠢᠵᠤ᠂ ᠨᠢᠯᠬ᠎ᠠ ᠬᠡᠦᠬᠡᠳ ᠤᠨ ᠠᠩᠬᠠᠨ ᠤ | ᠬᠥᠮᠦᠵᠢᠯ᠂ ᠰᠢᠮ᠎ᠡ ᠲᠡᠵᠢᠭᠡᠯᠲᠦ ᠢᠳᠡᠭᠡᠨ ᠤᠮᠳᠠᠭᠠᠨ ᠵᠡᠷᠭᠡ ᠡᠯᠪᠡᠭ ᠪᠠᠶᠠᠯᠢᠭ ᠠᠭᠤᠯᠭ᠎ᠠ ᠶᠢ ᠬᠠᠮᠤᠷᠴᠤ᠂ ᠣᠲᠣ | ᠨᠢᠭᠡᠨᠲᠡ 10 ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ 260 ᠬᠡᠷ ᠪᠦᠯᠢ ᠶᠢ ᠬᠠᠮᠤᠷᠪᠠ᠃ | ᠭᠤᠷᠪᠠ ᠳᠤ᠂ ᠨᠠᠶᠢᠳᠠᠵᠤ ᠠᠰᠠᠷᠠᠭᠤᠯᠬᠤ ᠲᠥᠷᠥ ᠶᠢᠨ ᠪᠣᠳᠣᠯᠭ᠎ᠠ ᠶᠢᠨ ᠵᠦᠪᠯᠡᠯᠬᠡ ᠦᠭᠬᠦ ᠦᠢᠯᠡᠴᠢᠯᠡᠭᠡ ᠶᠢ | ᠨᠡᠭᠡᠭᠡᠪᠡ᠃ ᠨᠡᠶᠢᠲᠡ 300 ᠣᠯᠠᠨ ᠲᠦᠮᠡᠨ ᠳᠤ ᠨᠠᠶᠢᠳᠠᠵᠤ ᠠᠰᠠᠷᠠᠭᠤᠯᠬᠤ ᠲᠤᠬᠠᠢ ᠬᠠᠮᠤᠭ ᠤᠨ ᠰᠢᠨ᠎ᠡ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠶᠯᠡᠴᠢᠯᠡᠭᠡ ᠬᠠᠩᠭᠠᠵᠤ᠂ ᠬᠡᠷ ᠪᠦᠯᠢ ᠨᠢᠭᠡᠪᠦᠷᠢ ᠴᠥᠮ ᠡᠯ᠎ᠡ | ᠱᠠᠲᠤᠨ ᠤ ᠡᠯ᠎ᠡ ᠲᠥᠷᠥᠯ ᠤᠨ ᠨᠠᠶᠢᠳᠠᠵᠤ ᠠᠰᠠᠷᠠᠭᠤᠯᠬᠤ ᠨᠥᠬᠦᠪᠥᠷᠢ ᠪᠠ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠠᠭ | ᠲᠤᠬᠠᠶ ᠳᠤᠨᠢ ᠣᠶᠢᠯᠠᠭᠠᠵᠤ ᠭᠥᠷᠳᠡᠬᠦ ᠶᠢ ᠦᠨᠡᠨ ᠬᠦ ᠪᠠᠲᠤᠯᠠᠪᠠ᠃ ︵ᠠᠷᠠᠳ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ |