ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ ︵2024 ᠣᠨ ᠤ 3 — 4 ᠰᠠᠷ᠎ᠠ︶
ᠨᠡᠶᠢᠲᠡᠯᠡᠭᠰᠡᠨ ᠴᠠᠭ᠄
2024/5/15
ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ                  ︵2024 ᠣᠨ ᠤ 3 — 4 ᠰᠠᠷ᠎ᠠ︶       3 ᠰᠠᠷ᠎ᠠ ᠶᠢᠨ 7 ᠤ ᠡᠳᠦᠷ᠂ ︽ᠨᠠᠮ ᠢᠶᠠᠨ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠬᠥᠨᠳᠡᠯᠡᠨ ᠲᠣᠭᠤᠷᠢᠭ ᠤᠨ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠵᠧᠦ ᠮᠢᠨ ᠵᠢᠶᠧ᠂ ᠦ᠋ ᠸᠧᠨ ᠴᠢᠩ᠂ ᠵᠠᠢ ᠶᠦᠨ ᡂᠢ᠂ ᠢᠦᠢ ᠷᠦᠢ ᠴᠢᠩ᠂ ᠪᠦᠦ ᠭᠠᠩ ︵ᠪᠦᠯᠦᠭᠯᠡᠯ︶ ᠺᠣᠮᠫᠠᠨᠢ ᠶᠢᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠰᠢᠶᠤᠤ ᠵᠢᠶᠠᠨ ᠶᠡᠭᠡ ᠬᠤᠷᠠᠯ ᠳᠤ ᠣᠷᠣᠯᠴᠠᠵᠠᠢ᠃ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ ᠶᠡᠭᠡ ᠬᠤᠷᠠᠯ ᠢ ᠡᠷᠭᠢᠯᠡᠪᠡ᠃ ᠶᠡᠭᠡ ᠬᠤᠷᠠᠯ ᠠᠴᠠ ︽ᠬᠥᠨᠳᠡᠯᠡᠨ ᠲᠣᠭᠤᠷᠢᠭ ᠤᠨ ︿3·8﹀  ᠤ ᠤᠯᠠᠭᠠᠨ ᠲᠤᠭᠴᠢ ︵ᠬᠠᠮᠲᠤ︶᠂ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠬᠠᠮᠤᠭ ᠤᠨ ᠭᠤᠶᠤ ᠭᠡᠷ ᠪᠦᠯᠢ ᠵᠡᠷᠭᠡ ᠶᠢ ᠨᠡᠷᠡᠶᠢᠳᠬᠦ ᠲᠤᠬᠠᠢ ᠬᠥᠨᠳᠡᠯᠡᠨ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠵᠦ᠂ ᠬᠥᠨᠳᠡᠯᠡᠨ ᠲᠣᠭᠤᠷᠢᠭ ᠤᠨ ︽3·8︾ ᠤ ᠤᠯᠠᠭᠠᠨ ᠲᠤᠭᠴᠢ ︵ᠬᠠᠮᠲᠤ︶᠂ ᠬᠥᠨᠳᠡᠯᠡᠨ ᠲᠣᠭᠤᠷᠢᠭ ᠤᠨ ︽ᠲᠠᠪᠤᠨ ᠰᠠᠶᠢᠨᠲᠠᠢ ᠭᠡᠷ ᠪᠦᠯᠢ︾ ᠵᠡᠷᠭᠡ 60 ᠲᠡᠷᠢᠭᠦᠨ ᠤ ᠬᠤᠪᠢ ᠬᠥᠮᠦᠨ᠂ 98 ᠲᠡᠷᠢᠭᠦᠨ ᠤ ᠬᠠᠮᠲᠤ ᠶᠢ ᠬᠦᠬᠢᠬᠦᠯᠦᠨ ᠰᠠᠶᠢᠰᠢᠶᠠᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠱᠠᠩᠨᠠᠯ ᠬᠦᠷᠳᠡᠭᠰᠡᠨ ᠬᠤᠪᠢ ᠬᠥᠮᠦᠨ᠂ ᠬᠠᠮᠲᠤ ᠵᠢᠴᠢ ᠭᠡᠷ ᠪᠦᠯᠢ ᠶᠢᠨ ᠲᠥᠯᠥᠭᠡᠯᠡᠭᠴᠢ ᠳᠤ ᠱᠠᠩᠨᠠᠯ ᠤᠨ ᠬᠤᠨᠳᠠᠭ᠎ᠠ ᠪᠣᠯᠤᠨ ᠦᠨᠡᠮᠯᠡᠯ ᠭᠠᠷᠳᠠᠭᠤᠯᠵᠠᠢ᠃     3 ᠰᠠᠷ᠎ᠠ ᠶᠢᠨ 12 ᠤᠨ ᠡᠳᠦᠷ᠂ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠶᠳᠪᠦᠷᠢᠯᠡᠭᠦᠯᠬᠦ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠤᠷᠠᠯ ᠠᠴᠠ 2023 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠶᠴᠡᠳᠬᠡᠭᠰᠡᠨ ᠪᠠᠶᠢᠳᠠᠯ ᠢ ᠮᠡᠳᠡᠭᠳᠡᠵᠦ᠂ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠶᠴᠡᠳᠬᠡᠬᠦ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠳᠠᠭᠠᠭᠠᠨ ᠠᠪᠴᠤ ᠰᠢᠶᠳᠪᠦᠷᠢᠯᠡᠬᠦ ᠰᠠᠯᠠᠭ᠎ᠠ ᠮᠥᠴᠢᠷ᠂ ᠨᠢᠭᠡᠴᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠵᠥᠪᠳᠡᠯᠴᠡᠨ ᠨᠡᠪᠲᠡᠷᠡᠯᠴᠡᠬᠦ ᠪᠠᠨ ᠴᠢᠩᠭᠠᠳᠬᠠᠨ᠂ ᠰᠢᠶᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠢᠶᠠᠨ ᠳᠡᠭᠡᠭᠰᠢᠯᠡᠭᠦᠯᠵᠦ᠂ ᠬᠤᠪᠢᠷᠠᠭᠤᠯᠤᠨ ᠬᠡᠷᠡᠭᠯᠡᠬᠦ ᠶᠢ    ᠠᠬᠢᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠦᠨᠡᠨ ᠬᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠡᠷᠡᠭᠴᠡᠭᠡ ᠲᠠᠢ ᠠᠷᠭ᠎ᠠ ᠪᠣᠳᠠᠲᠠᠶ ᠠᠷᠭ᠎ᠠ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      3 ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠵᠠᠩ ᠵᠢᠶᠠ ᠯᠢ᠂ ᠵᠠᠩ ᠬᠤᠸᠠ᠂ ᠦ᠋ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽︿ᠬᠡᠰᠡᠭ ᠭᠠᠵᠠᠷ ᠣᠷᠣᠨ ᠤ ᠲᠣᠭᠲᠠᠭᠠᠯ ᠠᠴᠠ ᠵᠥᠷᠢᠴᠡᠨ ᠡᠳ᠋ ᠤᠨ ᠵᠠᠰᠠᠭ ᠤᠨ ᠣᠷᠣᠯᠭ᠎ᠠ ᠶᠢ ᠪᠤᠴᠠᠭᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠬᠦ ᠶᠢ ᠲᠠᠮᠵᠢᠭᠤᠯᠤᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ﹀ ᠢ ᠲᠠᠮᠵᠢᠭᠤᠯᠤᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠲᠦᠷᠦᠬᠦᠦ ᠤᠯᠠᠷᠢᠯ ᠤᠨ ᠠᠶᠤᠯᠭᠦᠶ ᠦᠶᠯᠡᠳᠪᠦᠷᠢᠯᠡᠯ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠢ ᠥᠷᠨᠢᠭᠦᠯᠬᠦ ᠱᠠᠭᠠᠷᠳᠠᠯᠭ᠎ᠠ ᠶᠢ ᠲᠠᠮᠵᠢᠭᠤᠯᠤᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠢ ᠤᠯᠠᠮᠵᠢᠯᠠᠨ ᠰᠤᠷᠤᠯᠴᠠᠪᠠ︔ ︽ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠤᠯᠤᠨ ᠭᠤᠸᠠᠩᠳᠦ᠋ᠩ ᠤᠨ ᠭᠤᠸᠠᠩ ᠱᠧᠩ ᠦᠩᠭᠡᠲᠦ ᠲᠡᠮᠦᠷᠯᠢᠭ ᠤᠨ ᠪᠦᠯᠦᠭᠯᠡᠯᠲᠦ ᠬᠢᠵᠠᠭᠠᠷᠲᠦ ᠺᠤᠮᠫᠠᠨᠢ ᠶᠢᠨ ᠭᠤᠸᠠᠩᠵᠸᠦ ᠶᠢᠨ ᠰᠠᠢ ᠳ᠋ᠠ ᠬᠠᠩᠭᠠᠯᠭ᠎ᠠ ᠶᠢᠨ ᠬᠡᠯᠬᠢᠶ᠎ᠡ ᠶᠢᠨ ᠬᠢᠵᠠᠭᠠᠷᠲᠦ ᠺᠤᠮᠫᠠᠨᠢ ᠶᠢᠨ ᠬᠠᠮᠳᠤᠷᠠᠯᠴᠠᠭᠠᠨ ᠤ ᠵᠦᠪᠯᠡᠯᠴᠡᠬᠡᠷ ︵ᠬᠦᠷᠬᠡᠨ ᠬᠢᠨᠠᠭᠤᠯᠬᠤ       ᠨᠤᠤᠷᠠᠭ︶︾᠂ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠯᠢᠨ ᠨᠠᠨ ᠨᠡᠶᠢᠭᠡᠮ ᠲᠣᠭᠤᠷᠢᠭ ᠤᠨ ᠲᠡᠷᠭᠡᠨ ᠥᠷᠲᠡᠭᠡᠨ ᠤ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠤᠯᠤᠰ ᠤᠨ ᠥᠮᠴᠢᠯᠡᠯ ᠤᠨ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠨᠥᠬᠦᠪᠥᠷᠢ ᠦᠭᠬᠦ ᠲᠥᠰᠦᠯ︾ ᠢ ᠰᠤᠳᠤᠯᠤᠨ ᠬᠢᠨᠠᠨ ᠵᠥᠪᠯᠡᠪᠡ︔ 2024 ᠣᠨ ᠤ ᠲᠡᠰ ᠳᠡᠪᠰᠢᠭᠦᠯᠵᠦ ᠨᠤᠲᠠᠯᠠᠬᠤ ᠲᠦᠷᠦᠯ᠂ ᠲᠡᠮᠵᠢᠵᠦ ᠪᠠᠲᠤᠯᠠᠬᠤ ᠲᠦᠷᠦᠯ ᠵᠢᠴᠢ ᠲᠤᠰᠬᠠᠢ ᠵᠢᠭᠡᠯᠡᠯᠭᠡ ᠶᠢᠨ ᠲᠦᠷᠦᠯ ᠵᠦᠢᠯ ᠢ ᠲᠡᠮᠡᠴᠡᠨ ᠣᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃     3 ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠨᠠᠷ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠪᠠ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠭᠠᠵᠠᠷ ᠰᠢᠷᠣᠶ ᠶᠢ ᠰᠤᠯᠠᠯᠠᠵᠤ ᠪᠤᠴᠠᠭᠠᠬᠰᠠᠨ᠂ ᠲᠥᠷᠥᠯ ᠵᠦᠶᠯ ᠤᠨ ᠭᠠᠷᠳᠠᠮ ᠢ ᠭᠦᠶᠴᠡᠳᠬᠡᠬᠦ ᠠᠬᠢᠴᠠ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠪᠣᠳᠠᠲᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠶᠠᠩ ᠶᠦᠩ᠂ ᠵᠧᠦ ᠬᠠᠢ ᠹᠸᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     3 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠵᠢᠶᠠ ᠯᠢ᠂ ᠶᠠᠩ ᠶᠦᠩ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠰᠠᠨ ᠵᠢᠴᠢ ᠰᠢᠨ᠎ᠡ ᠴᠠᠭ ᠦᠶ᠎ᠡ ᠳᠤ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ      ᠨᠤᠤᠷᠠᠭ︶︾᠂ ︽ᠪᠥᠬᠦ ᠲᠣᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠠᠰᠠᠭᠤᠳᠠᠯ ᠢ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠲᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠬᠦᠷᠢᠶᠡᠨ ᠳᠠᠬᠢ ᠠᠶᠤᠯᠬᠦᠢ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠬᠤᠶᠠᠳᠠᠬᠢ ᠡᠭᠡᠯᠵᠢ ᠶᠢᠨ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠵᠣᠬᠢᠴᠠᠭᠤᠯᠤᠨ ᠪᠠᠲᠤᠯᠠᠬᠤ ᠠᠵᠢᠯ ᠤᠨ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ︽ᠱᠧᠨᠵᠧᠨ ᠤ ᠤᠰᠤᠲᠥ᠋ᠷᠥᠭᠴᠢ ᠴᠠᠭ ᠦᠶ᠎ᠡ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦᠲᠥ᠋ᠷᠥᠭᠴᠢ ᠦᠭᠡᠢ ᠣᠶᠤᠨᠴᠢ ᠤᠰᠤᠲᠥ᠋ᠷᠥᠭᠴᠢ ᠡᠨᠧᠷᠭᠢ ᠶᠢᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠪᠠᠯᠠ ᠤᠷᠤᠭᠤᠯᠤᠯᠲᠠ ᠶᠢᠨ ᠵᠦᠪᠯᠡᠯᠴᠡᠭᠡᠷ ︵ᠬᠦᠷᠭᠡᠨ ᠬᠢᠨᠠᠭᠤᠯᠬᠤ       ᠨᠤᠤᠷᠠᠭ︶︾᠂ ︽ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠢᠭᠡᠳ ᠮᠦᠸᠧ ᠨᠠ ᠮᠡᠷᠭᠡᠵᠢᠯ ︵ᠱᠧᠨᠵᠧᠨ︶ ᠤᠨ ᠬᠢᠵᠠᠭᠠᠷᠲᠦ ᠺᠤᠮᠫᠠᠨᠢ ᠶᠢᠨ ᠨᠠᠲᠷᠢ ᠢᠶᠤᠨ ᠳ᠋ᠢᠶᠠᠨ ᡂᠢ ᠶᠢᠨ ᠮᠠᠲ᠋ᠧᠷᠢᠶᠠᠯ᠂ ᠳ᠋ᠢᠶᠠᠨ ᡂᠢ ᠶᠢᠨ ᠴᠠᠬᠢᠮ ᠢᠯᠳᠠᠰᠤ ᠵᠢᠴᠢ ᠡᠨᠧᠷᠭᠢ ᠬᠠᠳᠠᠭᠠᠯᠠᠬᠤ ᠲᠣᠨᠣᠭᠯᠠᠯ ᠤᠨ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠵᠥᠪᠯᠡᠯᠴᠡᠭᠡᠷ ︵ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ 2024 ᠣᠨ ᠳᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠲᠠᠯᠪᠢᠬᠳᠠᠵᠤ ᠪᠠᠶᠢᠭ᠎ᠠ ᠭᠠᠵᠠᠷ ᠰᠢᠷᠣᠶ ᠶᠢ ᠲᠤᠶᠢᠯᠪᠤᠷᠢᠳᠠᠢ ᠪᠠᠶᠢᠴᠠᠭᠠᠵᠤ ᠰᠢᠩᠭᠡᠭᠡᠨ ᠰᠢᠶᠳᠪᠦᠷᠢᠯᠡᠬᠦ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠦᠪᠯᠡᠪᠡ︔ ᠪᠥᠬᠦ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠴᠡᠭᠴᠡᠯᠡᠨ ᠵᠠᠰᠠᠬᠰᠠᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠳᠠᠩᠰᠠᠯᠠᠭᠤᠯᠤᠬᠰᠠᠨ ᠬᠥᠷᠥᠩᠭᠡ ᠮᠥᠩᠭᠦ ᠶᠢ ᠰᠠᠯᠭᠠᠨ ᠥᠭᠬᠦ ᠪᠠᠷ ᠭᠤᠶᠤᠴᠢᠯᠠᠭᠰᠠᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     4 ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠶ ᠶᠦᠨ ᡂᠢ ᠬᠤᠷᠠᠯ ᠢ ᠡᠷᠭᠢᠯᠡᠪᠡ᠃ ᠬᠤᠷᠠᠯ ᠠᠴᠠ᠂ ᠪᠦᠬᠦ ᠲᠣᠭᠤᠷᠢᠭ ᠤᠨ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠭᠤᠣᠯ ᠬᠦᠴᠦᠨ ᠴᠡᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠤᠣᠷ ᠬᠥᠨᠥᠭᠡᠯ ᠪᠣᠯᠤᠨ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠲᠠᠨᠢᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠡᠪᠳᠡᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠡᠷᠡᠰ ᠴᠣᠬᠢᠯᠲᠠ ᠥᠭᠴᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠦᠮᠦᠵᠢᠬᠦᠯᠵᠦ ᠬᠤᠪᠢᠷᠠᠭᠤᠯᠬᠤ᠂ ᠳᠠᠷᠤᠵᠤ ᠬᠢᠵᠠᠭᠠᠷᠯᠠᠬᠤ ᠪᠠ ᠬᠤᠷᠢᠭᠯᠠᠵᠤ ᠵᠠᠰᠠᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤᠮᠳᠠ ᠬᠥᠨᠳᠡᠯᠡᠨ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠲᠣᠭᠤᠷᠢᠭ ᠤᠨ ᠬᠤᠯᠪᠣᠭᠳᠠᠯ ᠪᠦᠬᠦᠢ ᠰᠢᠶᠠᠨ ᠤ ᠱᠠᠲᠤᠨ ᠤ ᠤᠳᠤᠷᠢᠳᠤᠯᠭ᠎ᠠ᠂ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠵᠡᠭᠡᠯᠢ ᠭᠤᠳᠤᠮᠵᠢ ᠪᠠᠯᠭᠠᠰᠤᠨ ᠤ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠵᠢᠴᠢ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠠᠢ᠃     4 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 3 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠵᠠᠩ ᠬᠤᠸᠠ᠂ ᠡᠤ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ︽ᠪᠤᠭᠤᠲᠤ ᠬᠤᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠦᠯ︾᠂ ︽ᠤᠰᠤᠨ ᠤ ᠡᠬᠢ ᠪᠠᠶᠠᠯᠢᠭ ᠤᠨ ᠴᠢᠩᠭ᠎ᠠ ᠬᠢᠵᠠᠭᠠᠷᠯᠠᠬᠤ ᠲᠦᠷᠢᠮ ᠢ ᠬᠡᠷᠡᠭᠵᠢᠭᠦᠯᠬᠦ ᠲᠤᠬᠠᠶ ᠰᠠᠨᠠᠯ︾ ᠢ ᠤᠯᠠᠮᠵᠢᠯᠠᠨ ᠰᠤᠷᠤᠯᠴᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠪᠢᠴᠢᠭ ᠢᠶᠠᠷ ᠤᠯᠠᠮᠵᠢᠯᠠᠪᠠ︔ ︽ᠬᠥᠨᠳᠡᠯᠡᠨ ᠲᠣᠭᠤᠷᠢᠭ ᠤᠨ 2024 ᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ︽ᠭᠠᠯ ᠢ ᠰᠡᠷᠭᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠠᠰᠠᠭᠤᠳᠠᠯ ᠢ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2024 — 2026 ᠣᠨ︶ ︵ᠬᠦᠷᠭᠡᠨ ᠬᠢᠨᠠᠭᠤᠯᠬᠤ               ᠨᠤᠤᠷᠠᠭ︶︾᠂ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠳᠠᠯᠳᠠ ᠴᠢᠨᠠᠷᠲᠠᠶ ᠥᠷᠢ ᠥᠭᠴᠡᠭᠡ ᠶᠢ ᠠᠷᠢᠯᠭᠠᠬᠤ ᠲᠤᠬᠠᠢ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ      ᠨᠤᠤᠷᠠᠭ︶︾᠂ ︽ᠬᠥᠨᠳᠡᠯᠡᠨ ᠲᠣᠭᠤᠷᠢᠭ ᠤᠨ ᠴᠡᠴᠡᠷᠯᠢᠭ ᠢ ᠠᠷᠠᠴᠢᠯᠠᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ᠤᠶᠢᠷ᠎ᠠ ᠶᠢᠨ ᠬᠤᠭᠤᠴᠠᠭᠠᠨ ᠳᠤ ᠭᠠᠷ ᠤᠨ ᠦᠰᠦᠭ ᠵᠢᠷᠤᠬᠤ  ᠪᠠᠷ ᠪᠠᠶᠢᠭ᠎ᠠ  ᠵᠦᠪᠯᠡᠯᠴᠡᠭᠡᠷ ᠢ ᠰᠤᠳᠤᠯᠤᠨ ᠬᠢᠨᠠᠨ ᠵᠥᠪᠯᠡᠪᠡ︔ ᠪᠤᠷᠬᠠᠨᠲᠤ ᠪᠠᠯᠭᠠᠰᠤ ᠶᠢᠨ 500KV ᠤᠨ ᠴᠠᠬᠢᠯᠭᠠᠨ ᠬᠤᠪᠢᠰᠬᠠᠭᠤᠷ ᠤᠨ ᠥᠷᠲᠡᠭᠡ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠢ ᠲᠣᠭᠲᠠᠭᠠᠬᠰᠠᠨ ᠰᠲ᠋ᠣᠺ ᠤᠨ ᠡᠷᠬᠡ ᠶᠢ ᠬᠤᠪᠢᠶᠠᠷᠢᠯᠠᠨ ᠰᠢᠯᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠮᠠᠨ ᠤ ᠲᠣᠭᠤᠷᠢᠭ ᠤᠨ ᠭᠠᠴᠠᠭ᠎ᠠ ᠲᠣᠰᠬᠤᠨ ᠤ ᠺᠠᠳ᠋ᠷ ᠤᠨ ᠴᠠᠯᠢᠩ ᠣᠯᠭᠤᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     4 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠡᠤ ᠸᠧᠨ ᠴᠢᠩ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠦᠨᠳᠡᠯᠡᠨ ᠭᠤᠤᠯ ᠤᠨ ᠨᠤᠭᠤ ᠭᠠᠵᠠᠷ ᠤᠨ ᠴᠡᠴᠡᠷᠯᠢᠭ ᠤᠨ ᠮᠣᠳᠣ ᠳᠠᠷᠢᠬᠤ ᠰᠠᠭᠤᠷᠢᠨ ᠭᠠᠵᠠᠷ ᠲᠤ ᠬᠦᠷᠴᠦ᠂ ᠪᠥᠬᠦ ᠲᠣᠭᠤᠷᠢᠭ ᠤᠨ 300 ᠭᠠᠷᠤᠶ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠨ᠂ ᠲᠤᠭᠤᠷ᠂ ᠬᠦᠶᠯᠡᠰᠦ᠂ ᠴᠠᠭᠠᠨ ᠬᠠᠶᠢᠯᠠᠰᠤ ᠵᠡᠷᠭᠡ 3000 ᠭᠠᠷᠤᠶ ᠰᠠᠭᠤᠷᠢ ᠴᠢᠬᠢ ᠮᠣᠳᠣ ᠰᠠᠭᠤᠯᠭᠠᠵᠤ᠂ 30 ᠭᠠᠷᠤᠶ ᠮᠥ ᠭᠠᠵᠠᠷ ᠢ ᠨᠣᠭᠤᠭᠠᠷᠠᠭᠤᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号