ᠬᠥᠨᠳᠡᠯᠡᠨ ᠲᠣᠭᠤᠷᠢᠭ ᠪᠥᠬᠦ ᠤᠯᠤᠰ ᠤᠨ 31 ᠳᠠᠬᠢ ︽ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/17
     5 ᠰᠠᠷ᠎ᠠ ᠶᠢᠨ 15 ᠤ ᠡᠳᠦᠷ᠂ ᠬᠤᠲᠠ ᠲᠣᠭᠤᠷᠢᠭ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠥᠪᠥᠷ ᠮᠣᠩᠭᠤᠯ ᠤᠨ ᠳᠠᠪᠤᠰᠤᠨ ᠤ ᠦᠶᠯᠡᠰ ᠤᠨ ᠺᠣᠮᠫᠠᠨᠢ ᠬᠠᠮᠳᠤᠷᠠᠨ ︽ᠢᠳᠡᠰᠢᠨ ᠳᠠᠪᠤᠰᠤᠨ ᠳᠤ ᠢᠣᠳ᠋ ᠨᠡᠮᠡᠵᠦ ᠡᠪᠡᠳᠴᠢᠨ ᠡᠮᠭᠡᠭ ᠢ ᠰᠡᠷᠭᠡᠶᠢᠯᠡᠬᠦ᠂ ᠰᠢᠮ᠎ᠡ ᠲᠡᠵᠢᠭᠡᠯ ᠡᠷᠡᠭᠦᠯ ᠮᠡᠨᠳᠦ ᠶᠢ ᠲᠡᠩᠴᠡᠭᠦᠷᠢᠰᠢᠭᠦᠯᠬᠦ ᠠᠶᠠᠯᠠᠯ︾ ᠭᠤᠤᠯ ᠰᠡᠳᠦᠪᠲᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ ᠡᠷᠭᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠵᠠᠷᠯᠠᠯ᠂ ᠤᠬᠠᠭᠤᠯᠭ᠎ᠠ ᠶᠢᠨ ᠳᠡᠪᠲᠡᠷ᠂ ᠪᠠᠷᠠᠭ᠎ᠠ ᠬᠤᠳᠠᠯᠳᠤᠨ ᠠᠪᠬᠤ ᠤᠭᠤᠲᠠ ᠵᠡᠷᠭᠡ ᠤᠬᠠᠭᠤᠯᠭ᠎ᠠ ᠶᠢᠨ ᠡᠳ᠋ ᠢ 950 ᠭᠠᠷᠤᠶ ᠬᠤᠪᠢ ᠲᠠᠷᠬᠠᠭᠠᠬᠤ ᠶᠢᠨ ᠬᠠᠮᠲᠤ ᠨᠠᠰᠤᠲᠠᠶᠢᠴᠤᠳ ᠲᠤ ᠰᠦᠶᠳᠬᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠬᠠᠩᠭᠠᠵᠤ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠳᠤ ᠰᠢᠨᠵᠢᠯᠡᠬᠦ ᠤᠬᠠᠭᠠᠨᠴᠢ ᠪᠠᠷ ᠢᠣᠳ᠋ ᠨᠥᠬᠦᠪᠥᠷᠢᠯᠡᠬᠦ ᠵᠥᠪ ᠤᠶᠢᠯᠠᠭᠠᠬᠳᠠᠬᠤᠨ ᠢ ᠪᠣᠶ ᠪᠣᠯᠭᠠᠵᠤ᠂ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号