ᠬᠥᠨᠳᠡᠯᠡᠨ ᠲᠣᠭᠤᠷᠢᠭ ᠦᠶᠡᠷ ᠤᠨ ᠡᠮᠦᠨᠡᠬᠢ ᠰᠠᠭᠤᠷᠢ ᠲᠥᠬᠦᠭᠡᠷᠦᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/17
     ᠨᠢᠭᠡ ᠳᠤ᠂ ᠬᠠᠷᠢᠶ᠎ᠠ ᠣᠷᠣᠨ ᠤ ᠭᠤᠤᠯ ᠤᠨ ᠬᠡᠪᠡᠯᠢ ᠵᠢᠴᠢ ᠠᠶᠤᠯᠲᠠᠶ ᠬᠡᠰᠡᠭ ᠢ ᠲᠤᠶᠢᠯᠪᠤᠷᠢᠳᠡᠢ ᠵᠢᠭᠰᠠᠭᠠᠨ ᠪᠠᠶᠢᠴᠠᠭᠠᠪᠠ᠃ ᠡᠩ ᠤᠨ ᠠᠮᠤᠷ ᠲᠦᠪᠰᠢᠨ ᠤ ᠬᠡᠮ ᠰᠣᠭᠤᠭ ᠢ 6 ᠢᠯᠡᠷᠡᠭᠦᠯᠵᠦ᠂ ᠣᠲᠣ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃ ᠬᠤᠶᠠᠷ ᠲᠤ᠂ ᠰᠦᠯᠵᠢᠶᠡᠨ ᠳᠡᠭᠡᠷ᠎ᠡ ᠣᠯᠠᠨ ᠨᠡᠶᠢᠲᠡ ᠶᠢᠨ ᠲᠠᠪᠴᠠᠩ᠂ ᠸᠢᠴᠠᠲ ᠴᠤᠭᠯᠠᠷᠠᠯ ᠢ ᠭᠦᠶᠴᠡᠳ ᠠᠰᠢᠭᠯᠠᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ ᠣᠯᠠᠨ ᠲᠦᠮᠡᠨ ᠤ ᠭᠠᠮᠰᠢᠭ ᠠᠴᠠ ᠵᠠᠶᠢᠯᠠᠵᠤ ᠠᠶᠤᠯ ᠠᠴᠠ ᠵᠠᠶᠢᠯᠠᠬᠤ ᠤᠬᠠᠮᠰᠠᠷ ᠪᠠ ᠥᠪᠡᠷ ᠢ ᠪᠠᠨ ᠠᠪᠤᠷᠬᠠᠤ ᠴᠢᠳᠠᠪᠤᠷᠢ ᠶᠢ ᠴᠢᠩᠭᠠᠷᠠᠭᠤᠯᠪᠠ︔ ᠠᠬᠤᠢ ᠲᠠᠯᠠᠪᠠᠢ ᠳᠤ ᠠᠭᠤᠯᠠᠨ ᠦᠶᠡᠷ ᠤᠨ ᠭᠠᠮᠰᠢᠭ ᠡᠭᠦᠰᠦᠭᠰᠡᠨ ᠪᠠᠶᠢᠳᠠᠯ ᠢ ᠠᠷᠭᠠᠴᠠᠭᠠᠬᠤ ᠰᠤᠷᠢᠯᠳᠠ ᠦᠷᠨᠢᠬᠦᠯᠬᠦ ᠪᠠᠷ ᠳᠠᠮᠵᠢᠭᠤᠯᠤᠨ᠂ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢᠨ ᠬᠡᠪ ᠤᠨ ᠪᠠᠶᠢᠳᠠᠯ ᠢᠶᠠᠷ ᠠᠵᠢᠯᠯᠠᠵᠤ ᠪᠠᠶᠢᠬᠤ ᠡᠰᠡᠬᠦ ᠶᠢ ᠰᠢᠯᠭᠠᠨ ᠪᠠᠶᠢᠴᠠᠭᠠᠬᠤ ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠳᠠᠮᠵᠢᠭᠤᠯᠬᠤ ᠬᠡᠪᠴᠢᠶ᠎ᠡ᠂ ᠭᠥᠯᠢᠶᠡᠨ ᠠᠪᠤᠭᠰᠠᠨ ᠪᠠᠶᠢᠳᠠᠯ ᠢ ᠪᠠᠶᠢᠴᠠᠭᠠᠵᠤ᠂ ᠬᠡᠰᠡᠭ  ᠲᠤᠨᠤᠭ ᠲᠥᠬᠦᠭᠡᠷᠦᠮᠵᠢ ᠶᠢ ᠰᠡᠯᠪᠢᠨ ᠵᠠᠰᠠᠵᠤ ᠰᠣᠯᠢᠪᠠ᠃ ︵ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号