ᠨᠢᠭᠡ ᠳᠤ᠂ ᠬᠠᠷᠢᠶ᠎ᠠ ᠣᠷᠣᠨ ᠤ 60 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠨᠡᠶᠢᠳᠭᠡᠵᠦ | ᠪᠠᠶᠢᠭ᠎ᠠ ᠨᠡᠶᠢᠭᠡᠮ ᠲᠣᠭᠤᠷᠢᠭ ᠲᠠᠢ ᠪᠠᠨ ᠬᠠᠮᠳᠤ ᠪᠠᠷ ᠰᠠᠭᠤᠷᠢᠰᠢᠵᠤ ᠬᠠᠮᠳᠤ ᠪᠠᠷ ᠪᠠᠶᠢᠭᠤᠯᠬᠤ ᠬᠡᠯᠡᠯᠴᠡᠭᠡᠷ ᠤᠨ | ᠪᠢᠴᠢᠭ ᠲᠣᠭᠲᠠᠵᠤ᠂ ︽ᠨᠢᠭᠡ ᠶᠢ ᠨᠢᠭᠡ ᠬᠦᠮᠦᠨ ᠬᠠᠷᠢᠭᠤᠴᠠᠬᠤ︾᠂ ︽ᠣᠯᠠᠨ ᠢ ᠨᠢᠭᠡ ᠬᠦᠮᠦᠨ ᠬᠠᠷᠢᠭᠤᠴᠠᠬᠤ︾ | ᠬᠠᠪᠰᠤᠷᠤᠯᠴᠠᠭ᠎ᠠ ᠪᠠᠶᠢᠭᠤᠯᠤᠨ ᠰᠠᠭᠤᠭᠠᠯᠢ ᠠᠷᠠᠳ ᠲᠤ ᠦᠢᠯᠡᠴᠢᠯᠡᠪᠡ᠃ ᠬᠤᠶᠠᠷ ᠲᠤ᠂ ᠠᠵᠢᠯ ᠤᠨ ᠪᠠᠶᠢᠷᠢ ᠳᠤ | ᠪᠠᠶᠢᠭ᠎ᠠ 390 ᠨᠠᠮ ᠤᠨ ᠭᠡᠰᠢᠭᠦᠨ ︽ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠠᠬᠤᠢ ᠲᠠᠯᠠᠪᠠᠢ ᠳᠤ ᠬᠦᠴᠦ | ᠦᠢᠯᠡᠴᠢᠯᠡᠬᠦ︾ ᠬᠡᠯᠪᠡᠷᠢ ᠶᠤᠰᠤᠭᠠᠷ᠂ ︽ᠪᠤᠭᠤᠳᠤ ᠬᠤᠳᠠ ᠶᠢᠨ ᠬᠤᠰᠢᠭᠤᠴᠢ︾ ᠲᠠᠪᠴᠠᠩ ᠢᠶᠠᠷ ᠳᠠᠮᠵᠢᠭᠤᠯᠤᠨ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠠᠮᠢᠶ᠎ᠠ ᠪᠥᠬᠦᠶ ᠪᠠᠶᠢᠳᠠᠯ ᠢ | ᠣᠶᠢᠯᠠᠭᠠᠵᠤ᠂ ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠨ ᠨᠡᠶᠢᠭᠡᠮ ᠲᠣᠭᠤᠷᠢᠭ ᠲᠤ ᠢᠳᠡᠪᠬᠢᠲᠡᠶ ᠬᠠᠮᠵᠢᠯᠴᠠᠨ | ︽ᠡᠭᠦᠳᠡ ᠲᠣᠭᠰᠢᠬᠤ ᠠᠵᠢᠯᠯᠠᠭ᠎ᠠ︾᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠶᠢ ᠥᠷᠨᠢᠭᠦᠯᠪᠡ᠃ | ᠭᠤᠷᠪᠠ ᠳᠤ᠂ ︽ᠬᠤᠶᠠᠷ ᠲᠤ ᠨᠡᠷ᠎ᠡ ᠮᠡᠳᠡᠭᠦᠯᠬᠦ︾ ᠨᠢᠭᠡᠴᠢ ᠪᠠ ᠠᠵᠢᠯ ᠤᠨ ᠪᠠᠶᠢᠷᠢ ᠳᠤ ᠪᠠᠶᠢᠭ᠎ᠠ ᠨᠠᠮ ᠤᠨ | ᠭᠡᠰᠢᠭᠦᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠠᠶᠢᠷ᠎ᠠ | ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ᠂ ᠮᠡᠳᠡᠯᠭᠡ ᠶᠢᠨ ᠤᠬᠠᠭᠤᠯᠭ᠎ᠠ ᠵᠡᠷᠭᠡ ᠰᠢᠷᠢᠰ ᠰᠠᠶᠢᠨ ᠳᠤᠷ᠎ᠠ ᠶᠢᠨ | ᠠᠵᠢᠯᠯᠠᠭ᠎ᠠ ᠶᠢ 200 ᠭᠠᠷᠤᠶ ᠤᠳᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠥᠷᠭᠡᠨ ᠳᠡᠯᠭᠡᠷ ᠰᠠᠶᠢᠨ | ᠦᠨᠡᠯᠡᠯᠲᠡ ᠶᠢ ᠤᠯᠪᠠ᠃ ︵ᠠᠷᠠᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |