5 ᠰᠠᠷ᠎ᠠ ᠶᠢᠨ 17 ᠤ ᠡᠳᠦᠷ ᠤᠨ ︽ᠪᠤᠭᠤᠲᠤ ᠶᠢᠨ ᠬᠥᠨᠳᠡᠯᠡᠨ ᠲᠣᠭᠤᠷᠢᠭ ︿ᠨᠡᠮᠡᠬᠦ ᠬᠠᠰᠤᠬᠤ ᠠᠷᠭ᠎ᠠ﹀ ᠶᠢ ᠴᠢᠳᠡᠮᠠᠭᠠᠢ ᠬᠡᠷᠡᠭᠯᠡᠵᠤ ᠦᠨᠳᠦᠰᠦᠨ ᠱᠠᠲᠤᠨ ᠤ ᠺᠠᠳ᠋ᠷᠴᠤᠳ ᠤᠨ ᠬᠦᠰᠬᠡ ᠬᠦᠩᠭᠡᠨ ᠢᠶᠠᠷ ᠠᠵᠢᠯ ᠳᠤ ᠭᠠᠷᠬᠤ ᠶᠢ ᠪᠡᠶᠡᠯᠡᠬᠦᠯᠪᠡ︾ ᠭᠡᠬᠦ ᠮᠡᠳᠡᠭᠡᠯᠡᠯ ᠠᠷᠠᠳ ᠤᠨ ᠰᠦᠯᠵᠢᠶ᠎ᠡ ᠶᠢᠨ ᠰᠢᠯᠵᠢᠶ᠎ᠡ ᠪᠠᠷ ᠮᠡᠳᠡᠭᠡᠯᠡᠭᠳᠡᠨ ᠲᠠᠮᠵᠢᠭᠤᠯᠤᠬᠳᠠᠪᠠ
ᠨᠡᠶᠢᠲᠡᠯᠡᠭᠰᠡᠨ ᠴᠠᠭ᠄
2024/5/24
     ᠣᠶᠢᠷ᠎ᠠ ᠶᠢᠨ ᠵᠢᠯ ᠤᠨ ᠲᠤᠷᠰᠢ᠂ ᠬᠥᠨᠳᠡᠯᠡᠨ ᠲᠣᠭᠤᠷᠢᠭ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠬᠥᠨᠳᠡᠯᠡᠨ ᠲᠣᠭᠤᠷᠢᠭ ᠤᠨ ᠣᠨᠴᠠᠯᠢᠭ ᠲᠠᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠳᠡᠢ ᠰᠦᠪᠡᠭᠴᠢᠯᠡᠪᠡ᠃ ᠨᠢᠭᠡ ᠳᠤ᠂ ᠲᠤᠭ᠎ᠠ ᠪᠠᠷᠢᠮᠲᠠ ᠶᠢᠨ ᠬᠤᠷᠢᠭ᠎ᠠ ᠴᠠᠷᠠᠭ᠎ᠠ ᠶᠢ ᠡᠪᠳᠡᠵᠦ᠂ ᠲᠤᠤᠷᠵᠢᠭᠤᠯᠤᠯᠳᠠ ᠶᠢᠨ ᠬᠠᠤᠯᠢ ᠶᠣᠰᠣᠭᠠᠷ ᠵᠠᠯᠭᠠᠨ ᠭᠥᠯᠢᠶᠡᠨ ᠠᠪᠬᠤ 40 ᠵᠦᠶᠯᠡᠰ᠂ ᠨᠡᠶᠢᠭᠡᠮ ᠲᠣᠭᠤᠷᠢᠭ ᠤᠨ ᠬᠠᠪᠰᠤᠷᠤᠨ ᠭᠦᠶᠴᠡᠳᠬᠡᠵᠦ ᠣᠷᠣᠯᠠᠨ ᠭᠦᠶᠴᠡᠳᠬᠡᠬᠦ ᠣᠯᠠᠨ ᠨᠡᠶᠢᠲᠡ ᠶᠢᠨ ᠦᠶᠯᠡᠴᠢᠯᠡᠭᠡᠨ ᠤ 81 ᠵᠦᠶᠯᠡᠰ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠪᠠ᠃ ᠬᠤᠶᠠᠷ ᠲᠤ᠂ ︽ᠤᠶᠤᠨᠲᠤ ᠬᠥᠨᠳᠡᠯᠡᠨ︾ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ᠂ ᠮᠡᠳᠡᠭᠡ ᠵᠠᠩᠭᠢ ᠶᠢ ᠴᠤᠭᠯᠠᠭᠤᠯᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠶᠢᠨ ᠰᠣᠯᠢᠯᠴᠠᠭ᠎ᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠠᠳᠠᠯᠢᠪᠲᠤᠷ ᠬᠦᠰᠦᠨᠦᠭᠲᠦ ᠶᠢ ᠳᠠᠪᠬᠤᠷᠳᠠᠭᠤᠯᠤᠨ ᠲᠠᠭᠯᠠᠬᠤ᠂ ᠠᠵᠢᠯ ᠤᠨ ᠳᠠᠷᠤᠭᠠᠰᠤ ᠬᠦᠨᠳᠦ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠶᠳᠪᠦᠷᠢᠯᠠᠪᠠ᠃ ᠭᠤᠷᠪᠠ ᠳᠤ᠂ ᠨᠡᠶᠢᠭᠡᠮ ᠲᠣᠭᠤᠷᠢᠭ ᠤᠨ ᠠᠵᠢᠯᠲᠠᠨ ᠢ ᠪᠦᠬᠦᠨ ᠢ ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ ᠤᠨ ᠠᠵᠢᠯ ᠤᠨ ᠬᠥᠯᠥᠰᠥ ᠣᠯᠭᠤᠮᠵᠢ ᠶᠢᠨ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠵᠤ᠂ ︽ᠲᠠᠪᠤᠨ ᠳᠠᠭᠠᠳᠬᠠᠯ ᠨᠢᠭᠡ    ᠮᠥᠩᠭᠦ︾ ᠶᠢ ᠲᠤᠰᠢᠶᠠᠵᠤ᠂ ᠨᠡᠶᠢᠭᠡᠮ ᠲᠣᠭᠤᠷᠢᠭ ᠤᠨ ᠪᠡᠯᠡᠳᠬᠡᠯ ᠺᠠᠳ᠋ᠷ ᠤᠨ ᠡᠩᠨᠡᠭᠡ ᠶᠢᠨ ᠱᠠᠳᠤᠯᠢᠭ ᠡᠩᠨᠡᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠳᠤ ᠬᠥᠮᠦᠨ ᠦᠯᠡᠳᠡᠭᠡᠬᠦ ᠳᠤ ᠨᠠᠩ ᠰᠡᠳᠬᠢᠯ ᠲᠠᠯᠪᠢᠵᠤ ᠬᠦᠴᠦ ᠤᠷᠤᠭᠤᠯᠪᠠ  ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号