ᠬᠥᠨᠳᠡᠯᠡᠨ ᠲᠣᠭᠤᠷᠢᠭ ᠤᠨ ︽ᠨᠢᠭᠡ ᠰᠠᠭᠤᠷᠢᠨ ᠨᠢᠭᠡ ᠬᠠᠷᠢᠯᠴᠠᠬᠤ ᠴᠡᠭ︾ ᠫᠠᠶᠢᠰᠠ ᠡᠯᠬᠦᠪᠡ
ᠨᠡᠶᠢᠲᠡᠯᠡᠭᠰᠡᠨ ᠴᠠᠭ᠄
2024/5/24
     ᠣᠶᠢᠷ᠎ᠠ ᠳᠤ᠂ ᠬᠤᠲᠠ ᠲᠣᠭᠤᠷᠢᠭ ᠬᠤᠶᠠᠷ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠪᠠᠶᠢᠴᠠᠭᠠᠬᠤ ᠠᠵᠢᠯ ᠠᠵᠤ ᠠᠬᠤᠶᠢᠯᠠᠯ ᠢ ᠬᠠᠮᠠᠭᠠᠯᠠᠬᠤ ᠲᠣᠭᠲᠠᠭᠠᠯ ᠳᠤ ᠨᠡᠶᠢᠴᠡᠭᠦᠯᠦᠨ ᠬᠠᠮᠲᠤ ᠪᠠᠷ ᠪᠠᠶᠢᠭᠤᠯᠬᠤ ᠰᠠᠭᠤᠷᠢᠨ︾ ᠵᠢᠴᠢ ᠬᠥᠨᠳᠡᠯᠡᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠮᠡᠳᠡᠯᠭᠡ ᠶᠢᠨ ᠥᠮᠴᠢᠯᠠᠯ ᠤᠨ ᠡᠷᠬᠡ ᠶᠢᠨ ᠬᠠᠮᠠᠭᠠᠯᠠᠬᠤ ᠪᠠᠶᠢᠴᠠᠭᠠᠬᠤ ᠬᠠᠷᠢᠯᠴᠠᠬᠤ ᠴᠡᠭ︾ ᠥᠪᠥᠷ ᠮᠣᠩᠭᠤᠯ ᠤᠨ ᠰᠢᠨ ᠶᠤᠸᠠᠨ ᠴᠠᠬᠢᠭᠤᠷ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠵᠢᠩᠬᠢᠨᠢ ᠪᠠᠷ ᠫᠠᠶᠢᠰᠠ ᠡᠯᠭᠦᠪᠡ᠃ ︽ᠨᠢᠭᠡ ᠰᠠᠭᠤᠷᠢᠨ ᠭᠠᠵᠠᠷ ᠨᠢᠭᠡ ᠬᠠᠷᠢᠯᠴᠠᠬᠤ ᠴᠡᠭ︾ ᠢ ᠠᠵᠢᠯᠯᠠᠭᠤᠯᠤᠭᠰᠠᠨ ᠤ ᠳᠠᠷᠠᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠬᠡᠷᠡᠭ ᠰᠢᠶᠳᠪᠦᠷᠢᠯᠡᠬᠦ ᠠᠴᠠ ᠵᠠᠰᠠᠬᠤ ᠲᠡᠶᠢᠰᠢ ᠬᠤᠪᠢᠷᠠᠭᠤᠯᠬᠤ ᠪᠠ  ᠦᠷᠭᠡᠳᠬᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠠᠷᠭ᠎ᠠ ᠬᠡᠮᠵᠢᠶ᠎ᠡ ᠶᠢᠨ ᠦᠶᠯᠡᠳᠦᠯᠭᠡ ᠶᠢᠨ ᠬᠡᠷᠡᠭᠯᠡᠯᠲᠡ ᠶᠢ ᠴᠢᠩᠭᠠᠳᠬᠠᠵᠤ᠂ ︽ᠠᠵᠤ ᠠᠬᠤᠶᠢᠯᠠᠯ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ + ᠲᠣᠭᠲᠠᠭᠠᠯ ᠳᠤ ᠨᠡᠶᠢᠴᠡᠬᠦᠯᠦᠨ ᠪᠠᠶᠢᠭᠤᠯᠬᠤ︾ ᠰᠡᠷᠭᠡᠶᠢᠯᠡᠨ ᠡᠵᠡᠮᠳᠡᠬᠦ ᠶᠡᠭᠡ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠪᠤᠯᠤᠨ᠎ᠠ᠃ ︵ᠲᠤᠰ ᠰᠡᠳᠬᠦᠯ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号