5 ᠰᠠᠷ᠎ᠠ ᠶᠢᠨ 5 ᠤ ᠡᠳᠦᠷ ᠠᠴᠠ 6 ᠰᠠᠷ᠎ᠠ ᠶᠢᠨ 5 ᠤ ᠡᠳᠦᠷ ᠪᠣᠯᠲᠠᠯ᠎ᠠ ᠬᠥᠨᠳᠡᠯᠡᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠭᠤᠯᠠᠨ ᠬᠡᠷ ᠤᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/26
     ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ 30 ᠨᠡᠷᠡᠰ ᠠᠵᠢᠯᠲᠠᠨ ᠭᠠᠷᠭᠠᠵᠤ ᠡᠯ᠎ᠡ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠤᠭᠤᠯᠠᠨ ᠬᠡᠷ ᠤᠨ ᠬᠤᠭ ᠨᠣᠪᠰᠢ ᠶᠢ ᠰᠢᠶᠳᠪᠦᠷᠢᠯᠡᠭᠰᠡᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ 1200 ᠭᠠᠷᠤᠶ ᠢᠳᠡᠭᠡᠨ ᠤᠮᠳᠠᠭᠠᠨ ᠤ ᠡᠵᠡᠩᠨᠡᠯᠲᠡ ᠶᠢᠨ ᠡᠷᠦᠬᠡ ᠶᠢ ᠬᠤᠭᠤᠯᠠᠨ ᠬᠡᠷ ᠤᠨ ᠬᠤᠭ ᠨᠣᠪᠰᠢ ᠶᠢᠨ ᠰᠠᠪᠠ ᠪᠠᠨ ᠤᠬᠢᠶᠠᠬᠤ ᠬᠡᠷᠡᠭᠲᠡᠶ ᠭᠡᠵᠦ ᠱᠠᠭᠠᠷᠳᠠᠬᠰᠠᠨ ᠪᠦᠬᠡᠳ ᠲᠣᠭᠲᠠᠭᠰᠠᠨ  ᠴᠡᠭ ᠲᠤ ᠬᠢᠨᠠᠨ ᠡᠵᠡᠮᠳᠡᠬᠦ ᠪᠠ ᠵᠠᠮ ᠲᠠᠭᠠᠤ ᠬᠦᠳᠡᠯᠦᠩᠭᠦᠢ ᠪᠠᠷ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ ᠰᠥᠨᠢ ᠶᠢᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠳᠤᠷ᠎ᠠ ᠪᠠᠷ ᠢᠶᠠᠨ ᠬᠤᠷᠢᠶᠠᠨ ᠲᠡᠭᠡᠭᠡᠪᠦᠷᠢᠯᠡᠬᠦ ᠪᠠ ᠰᠢᠶᠳᠪᠦᠷᠢᠯᠡᠬᠦ᠂ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠬᠢᠷᠢ ᠬᠡᠮ ᠦᠭᠡᠶ  ᠨᠢᠭᠡᠴᠢ ᠪᠤᠶᠤ ᠬᠤᠪᠢ ᠬᠥᠮᠦᠨ ᠳᠤ ᠲᠤᠰᠢᠶᠠᠨ ᠥᠭᠴᠦ ᠬᠤᠷᠢᠶᠠᠨ ᠲᠡᠭᠡᠭᠡᠪᠦᠷᠢᠯᠡᠭᠦᠯᠬᠦ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠰᠥᠨᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠨᠡᠶᠢᠲᠡ 30 ᠭᠠᠷᠤᠶ ᠤᠳᠠᠭ᠎ᠠ ᠥᠷᠨᠢᠭᠦᠯᠵᠦ᠂ 4 ᠤᠳᠠᠭᠠᠨ ᠤ ᠵᠠᠰᠠᠭ ᠵᠠᠬᠢᠷᠭᠠᠨ ᠤ ᠰᠢᠶᠳᠬᠡᠯ ᠥᠭᠴᠦ᠂ 1 ᠬᠡᠷᠡᠭ ᠢ ᠰᠤᠷᠭᠠᠨ ᠬᠥᠮᠦᠵᠢᠭᠦᠯᠵᠦ ᠴᠡᠭᠴᠡᠯᠡᠨ ᠰᠠᠶᠢᠵᠢᠷᠠᠭᠤᠯᠪᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号