ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠢᠨ᠎ᠡ ᠠᠷᠭ᠎ᠠ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 15 ᠤ ᠡᠳᠦᠷ᠂ ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠣᠶᠣᠯ ᠤᠨ ᠨᠠᠶᠢᠷᠰᠠᠭ ᠰᠣᠯᠢᠯᠴᠠᠭ᠎ᠠ ᠵᠢᠴᠢ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠲᠤᠭᠤᠷᠢᠭ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠶ᠎ᠠ︾ ᠭᠡᠬᠦ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃ ᠲᠣᠰ ᠤᠳᠠᠭᠠᠨ ᠤ ᠰᠣᠶᠣᠯ ᠤᠨ ᠨᠠᠶᠢᠷᠰᠠᠭ ᠰᠣᠯᠢᠯᠴᠠᠭ᠎ᠠ ᠬᠢᠬᠦ ᠠᠵᠢᠯᠯᠠᠭ᠎ᠠ ᠨᠢ ᠰᠣᠶᠣᠯ ᠢᠶᠠᠷ ᠵᠠᠭᠤᠴᠢᠯᠠᠭᠤᠷ ᠪᠣᠯᠭᠠᠵᠤ᠂ ᠮᠦᠽᠧᠶ᠂ ᠤᠷᠠᠨ ᠵᠢᠷᠤᠭ ᠤᠨ ᠣᠷᠳᠣᠨ᠂ ᠪᠤᠭᠤᠲᠤ ᠶᠢᠨ ᠤᠷᠠᠯᠢᠭ ᠤᠨ ᠰᠤᠳᠤᠯᠭᠠᠨ ᠤ ᠲᠥᠪ ᠵᠡᠷᠭᠡ 32 ᠬᠠᠮᠲᠤ ᠪᠠᠷ ᠪᠠᠶᠢᠭᠤᠯᠬᠤ ᠨᠢᠭᠡᠴᠢ ᠶᠢ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠤᠷᠠᠨ ᠪᠢᠴᠢᠯᠭᠡ ᠤᠷᠠᠨ ᠵᠢᠷᠤᠭ ᠢᠶᠠᠷ ᠬᠠᠶᠢᠷ᠎ᠠ ᠰᠡᠳᠬᠢᠯᠭᠡ ᠪᠠᠨ ᠲᠠᠮᠵᠢᠭᠤᠯᠬᠤ᠂ ᠲᠡᠦᠬᠡ ᠶᠢᠨ ᠳᠤᠷᠠᠰᠬᠠᠯᠲᠤ ᠵᠦᠶᠯᠡᠰ ᠲᠡᠭᠡᠷᠡᠬᠢ ᠦᠰᠦᠭ ᠪᠢᠴᠢᠭ ᠵᠢᠷᠤᠭ ᠤᠨ ᠲᠠᠷᠤᠮᠠᠯᠯᠠᠯ᠂ ᠦᠵᠡᠭᠦᠯᠭᠡ ᠶᠢᠨ ᠰᠠᠮᠪᠠᠷ᠎ᠠ  ᠶᠢᠨ ᠤᠬᠠᠭᠤᠯᠭ᠎ᠠ ᠵᠡᠷᠭᠡ ᠪᠡᠶᠡᠴᠢᠯᠡᠨ ᠣᠶᠢᠯᠠᠭᠠᠬᠤ ᠪᠠ ᠳᠡᠯᠭᠡᠨ ᠦᠵᠡᠭᠦᠯᠬᠦ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠠᠵᠤ ᠠᠬᠤᠶ ᠰᠣᠶᠣᠯ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠵᠢᠷᠤᠭ ᠢ ᠬᠠᠮᠲᠤ ᠪᠠᠷ ᠴᠣᠭᠴᠠᠯᠠᠨ ᠪᠠᠶᠢᠭᠤᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠡᠶᠢᠲᠡ 600 ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂  ᠰᠣᠶᠣᠯ ᠤᠨ ᠲᠥᠷᠥᠯ ᠵᠦᠶᠯ ᠳᠤ ᠣᠷᠣᠯᠴᠠᠵᠤ ᠪᠡᠶᠡᠴᠢᠯᠡᠨ ᠤᠶᠢᠯᠠᠭᠠᠭᠰᠠᠨ ᠬᠡᠮᠵᠢᠶ᠎ᠡ 60 ᠬᠥᠮᠦᠨ ᠤᠳᠠᠭ᠎ᠠ ᠬᠦᠷᠴᠦ᠂ 1000 ᠭᠠᠷᠤᠶ ᠣᠯᠠᠨ ᠲᠦᠮᠡᠨ ᠢ ᠨᠥᠯᠥᠭᠡᠯᠡᠪᠡ᠃ ︵ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号