ᠶᠢᠨ ᠶᠦᠩ ᠯᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠪᠠ᠃        ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠢᠨ ᠶᠦᠩ ᠯᠢ ᠤᠷᠢᠳ ᠬᠤᠵᠢᠳ ᠬᠦᠨᠳᠡᠯᠡᠨ ᠭᠤᠤᠯ ᠪᠠᠯᠭᠠᠰᠤᠨ ᠤ ᠸᠠᠨ ᠾᠧ ᠨᠡᠶᠢᠭᠡᠮ ᠲᠣᠭᠤᠷᠢᠭ᠂ ᠬᠦᠨᠳᠡᠯᠡᠨ ᠭᠤᠤᠯ ᠪᠠᠯᠭᠠᠰᠤᠨ ᠤ ᠾᠧ ᠫᠢᠩ ᠲᠣᠰᠬᠤᠨ᠂ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠰᠢ ᠷᠦᠢ ᠳ᠋ᠦ᠋ ᠨᠡᠶᠢᠭᠡᠮ ᠲᠣᠭᠤᠷᠢᠭ᠂ ᠺᠦᠨ ᠪᠸᠢ ᠵᠡᠭᠡᠯᠢ ᠭᠤᠳᠤᠮᠵᠢ ᠶᠢᠨ ᠬᠦᠨᠳᠡᠯᠡᠨ ᠭᠤᠤᠯ ᠤᠨ ᠦᠪᠦᠷ ᠠᠮᠠ ᠲᠣᠰᠬᠤᠨ ᠵᠡᠷᠭᠡ ᠭᠠᠵᠠᠷ ᠢᠶᠠᠷ ᠬᠦᠷᠴᠦ᠂ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰᠬᠤᠨ ︵ᠨᠡᠶᠢᠭᠡᠮ ᠲᠣᠭᠤᠷᠢᠭ︶ ᠤ ᠤᠴᠢᠷ ᠶᠠᠪᠤᠳᠠᠯ ᠢ ᠰᠢᠢᠳᠪᠦᠷᠢᠯᠡᠭᠰᠡᠨ ᠨᠠᠷᠢᠨ ᠲᠠᠩᠰᠠ᠂ ᠸᠢᠴᠠᠲ ᠠᠵᠢᠯ ᠤᠨ ᠬᠤᠯᠪᠤᠭ᠎ᠠ᠂ ᠡᠭᠡ ᠲᠠᠩᠰᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠵᠢᠷᠤᠮᠵᠢᠭᠤᠯᠤᠨ ᠴᠣᠮᠬᠠᠳᠬᠠᠭᠰᠠᠨ ᠪᠠᠶᠢᠳᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠤᠷᠵᠢᠭᠤᠯᠤᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠪᠠ᠃     ᠶᠢᠨ ᠶᠦᠩ ᠯᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠨᠠᠮ ᠤᠨ ᠲᠥᠪ  ᠬᠤᠷᠢᠶ᠎ᠠ ᠶᠢᠨ ᠲᠤᠬᠳᠠᠭᠠᠬᠰᠠᠨ ᠴᠢᠬᠤᠯᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ ᠪᠣᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ ᠬᠦᠲᠦᠯᠦᠨ ᠲᠠᠭᠠᠭᠤᠯᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠴᠢᠬᠤᠯᠠ ᠴᠢᠨᠠᠷ ᠵᠠᠶᠢᠯᠠᠰᠢ ᠦᠭᠡᠢ ᠴᠢᠨᠠᠷ ᠢ ᠭᠦᠨᠵᠡᠭᠡᠶ ᠲᠠᠨᠢᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠨᠢᠭᠲᠠ ᠤᠶᠠᠯᠳᠤᠭᠤᠯᠵᠤ᠂ ᠬᠡᠯᠪᠡᠷᠢᠴᠢ ᠦᠵᠡᠯ ᠤᠨ ᠰᠡᠳᠬᠢᠬᠦᠶ ᠶᠢᠨ ᠲᠠᠳᠬᠠᠯ ᠢ ᠬᠦᠴᠦᠯᠡᠨ ᠬᠤᠪᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ᠂ ᠭᠤᠷᠪᠠᠨ ᠵᠦᠶᠯ ᠤᠨ ᠠᠵᠢᠯ ᠢ ᠬᠦᠴᠦ ᠪᠠᠨ ᠲᠦᠪᠯᠡᠷᠡᠭᠦᠯᠦᠨ ᠨᠢᠭᠡ ᠴᠣᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃ ᠨᠢᠭᠡ ᠲᠣᠰᠬᠤᠨ ︵ᠨᠡᠶᠢᠭᠡᠮ ᠲᠣᠭᠤᠷᠢᠭ︶ ᠳᠤ ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ ᠤᠴᠢᠷ ᠶᠠᠪᠤᠳᠠᠯ ᠢ ᠪᠠᠭᠠᠰᠬᠠᠬᠤ᠂ ᠫᠠᠶᠢᠰᠠ ᠲᠡᠮᠳᠡᠭ ᠢ ᠬᠠᠰᠤᠬᠤ᠂ ᠬᠡᠷᠡᠴᠢ ᠦᠨᠡᠮᠯᠡᠯ ᠢ ᠬᠠᠰᠤᠬᠤ ᠵᠡᠷᠭᠡ ᠠᠵᠢᠯ ᠢ ᠭᠦᠨᠵᠡᠭᠡᠢ ᠠᠬᠢᠭᠤᠯᠵᠤ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠲᠣᠭᠲᠠᠴᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠦᠨᠳᠦᠰᠦᠨ ᠱᠠᠲᠤᠨ ᠤ ︽ᠲᠤᠭᠤᠯ ᠢᠶᠠᠷ ᠦᠬᠡᠷ ᠲᠡᠷᠭᠡ ᠴᠢᠷᠦᠭᠦᠯᠬᠦ︾ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠬᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠢ ᠰᠦᠪᠡᠭᠴᠢᠯᠡᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠤᠯᠬᠤ ᠲᠦᠷᠢᠮ ᠲᠣᠭᠲᠠᠴᠠ ᠶᠢ ᠪᠠᠬᠢᠵᠢᠭᠦᠯᠦᠨ ᠪᠦᠷᠢᠯᠳᠦᠭᠦᠯᠵᠦ᠂ ︽ᠲᠡᠷᠭᠡᠨ ᠤ ᠳᠠᠷᠤᠭᠠᠰᠤ ᠶᠢ ᠬᠥᠩᠭᠡᠷᠡᠭᠦᠯᠬᠦ︾᠂ ︽ᠲᠤᠭᠤᠯ ᠳᠤ ᠬᠦᠴᠦᠨ ᠴᠢᠳᠠᠯ ᠣᠯᠭᠤᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠣᠯᠠᠨ ᠲᠦᠮᠡᠨ ᠳᠤ ᠦᠶᠯᠡᠴᠢᠯᠡᠬᠦ ︽ᠬᠦᠴᠦᠯᠡᠬᠦ ᠴᠡᠭ︾ ᠢ ᠣᠨᠣᠪᠴᠢᠲᠠᠶ ᠡᠷᠢᠨ ᠣᠯᠵᠤ᠂ ᠦᠨᠳᠦᠰᠦᠨ ᠱᠠᠲᠤᠨ ᠤ ᠺᠠᠳ᠋ᠷ ᠢ ᠬᠦᠰᠦᠨᠦᠭ ᠲᠠᠭᠯᠠᠬᠤ᠂ ᠲᠤᠭ᠎ᠠ ᠪᠠᠷᠢᠮᠲᠠ ᠮᠡᠳᠡᠭᠦᠯᠬᠦ ᠵᠡᠷᠭᠡ ᠶᠠᠷᠰᠢᠭ ᠲᠦᠪᠡᠭᠲᠡᠶ ᠬᠡᠷᠡᠭ ᠶᠠᠪᠤᠳᠠᠯ ᠢ ᠬᠢᠯᠭᠡᠬᠦ ᠦᠭᠡᠢ ᠪᠤᠯᠭᠠᠬᠤ ᠪᠠᠷ ᠪᠠᠷᠠᠬᠤ ᠥᠬᠡᠶ᠂ ᠪᠠᠰᠠ ᠦᠨᠳᠦᠰᠦᠨ ᠱᠠᠲᠤᠨ ᠤ ᠺᠠᠳ᠋ᠷ ᠲᠤ ᠳᠠᠷᠤᠭᠠᠰᠤ ᠶᠢ ᠬᠥᠩᠭᠡᠷᠡᠭᠦᠯᠦᠭᠰᠡᠨ ᠤ ᠳᠠᠷᠠᠭ᠎ᠠ ︽ᠶᠠᠭᠤ ᠬᠢᠬᠦ᠂ ᠶᠠᠭᠠᠬᠢᠵᠤ ᠬᠢᠬᠦ︾ ᠶᠢ ᠮᠡᠳᠡᠭᠦᠯᠵᠦ᠂ ᠨᠠᠩ ᠣᠯᠠᠨ ᠴᠠᠭ ᠪᠠ ᠣᠶᠤᠨ ᠴᠢᠳᠠᠯ ᠢᠶᠠᠨ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠ ᠬᠡᠦᠬᠡᠳ ᠪᠠᠭᠠᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠬᠤ ᠵᠡᠷᠭᠡ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠡᠭᠡᠷ᠎ᠡ ᠲᠥᠪᠯᠡᠷᠡᠭᠦᠯᠵᠦ᠂ ᠬᠡᠷᠡᠭᠴᠡᠭᠡ ᠲᠠᠢ ᠪᠣᠯ ᠯᠠᠪᠲᠠᠢ ᠦᠢᠯᠡᠴᠢᠯᠡᠬᠦ᠂ ᠤᠴᠢᠷ ᠥᠬᠡᠶ ᠪᠣᠯ ᠬᠠᠷᠰᠢᠯᠠᠬᠤ ᠥᠬᠡᠶ ᠪᠠᠶᠢᠬᠤ ᠶᠢ ᠪᠡᠶᠡᠯᠡᠭᠦᠯᠵᠦ᠂ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠭᠡᠯ ᠢ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠳᠤ ᠨᠠᠩ ᠰᠠᠶᠢᠳᠤᠷ ᠬᠦᠷᠲᠡᠭᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠲᠤᠭᠤᠷᠢᠭ ᠤᠨ ᠤᠳᠤᠷᠢᠳᠤᠯᠭ᠎ᠠ ᠹᠦ᠋ ᠢᠦᠢ᠂ ᠯᠢᠦ ᠷᠦᠢ ᠯᠦᠩ᠂ ᠢᠦᠢ ᠷᠦᠢ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠨᠠᠮ ᠤᠨ    ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号