ᠣᠶᠢᠷ᠎ᠠ ᠳᠤ ᠮᠠᠨ ᠤ ᠤᠯᠤᠰ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠣᠨᠴᠠᠭᠠᠶ | ᠵᠢᠭᠡᠯᠡᠯᠭᠡ ᠲᠠᠷᠬᠠᠭᠠᠪᠠ᠃ ᠵᠠᠷᠢᠮ ᠬᠠᠤᠯᠢ ᠪᠤᠰᠤ ᠡᠲᠡᠭᠡᠳ ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ | ᠲᠠᠯᠪᠢᠬᠤ ᠨᠡᠷ᠎ᠡ ᠪᠠᠷ ᠬᠦᠮᠦᠰ ᠢ ᠮᠡᠭᠡᠯᠡᠵᠦ ᠪᠠᠶᠢᠬᠤ ᠪᠦᠭᠡᠳ ᠵᠠᠷᠢᠮ ᠬᠦᠮᠦᠰ ᠴᠤ ︽ᠤᠯᠠᠭᠠᠨ ᠲᠦᠷᠦᠭᠦᠲᠦ ᠪᠢᠴᠢᠭ | ᠮᠠᠲ᠋ᠧᠷᠢᠶᠠᠯ︾ ᠢ ᠨᠢ ᠣᠯᠤᠭᠰᠠᠨ ᠪᠠᠶᠢᠨ᠎ᠠ᠃ | ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠲᠠᠯᠪᠢᠬᠤ ᠳᠤ ᠵᠥᠪᠬᠡᠨ 28800 | ᠲᠥᠭᠦᠷᠢᠭ ᠭᠠᠷᠭᠠᠪᠠᠯ 288 ᠲᠦᠮᠡᠨ ᠲᠥᠭᠦᠷᠢᠭ ᠤᠨ ᠵᠣᠭᠤᠰ ᠭᠠᠷᠭᠠᠵᠤ ᠠᠪᠬᠤ ᠪᠠᠷ ᠭᠤᠶᠤᠴᠢᠯᠠᠬᠤ | ᠵᠠᠪᠰᠢᠶᠠᠨ ᠲᠠᠢ ᠭᠡᠨ᠎ᠡ ᠤᠤ︖ | ᠵᠠᠷᠢᠮ ᠬᠥᠮᠦᠨ ᠡᠨᠡ ᠬᠦ ︽ᠤᠯᠤᠰ ᠤᠨ ᠵᠢᠭᠡᠯᠡᠯᠭᠡ ᠶᠢᠨ ᠮᠡᠳᠡᠭᠳᠡᠯ ᠤᠨ ᠪᠢᠴᠢᠭ︾ ᠪᠠ ︽ᠤᠯᠤᠰ ᠤᠨ | ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠬᠦ ᠬᠡᠯᠡᠯᠴᠡᠭᠡᠷ ᠤᠨ ᠪᠢᠴᠢᠭ︾ ᠢ ᠲᠤᠬᠳᠦ᠋ᠢᠯᠠᠬᠰᠠᠨ ᠲᠦᠷᠭᠡᠨ | ᠬᠦᠷᠭᠡᠯᠲᠡ ᠶᠢᠨ ᠮᠡᠳᠡᠭᠳᠡᠯ ᠤᠨ ᠪᠢᠴᠢᠭ ᠢ ᠤᠯᠤᠬᠰᠠᠨ ᠪᠦᠭᠡᠳ ᠲᠤᠬᠳᠤᠢ ᠲᠤᠳᠤᠷ᠎ᠠ ᠨᠢ ᠪᠠᠰᠠ ︽ᠲᠤᠰ | ᠤᠳᠠᠭᠠᠨ ᠤ ᠤᠯᠤᠰ ᠤᠨ ᠵᠢᠭᠡᠯᠡᠯᠭᠡ ᠶᠢ ᠲᠠᠯᠪᠢᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠶᠠᠮᠤᠨ ᠢᠶᠠᠷ | ᠲᠠᠮᠵᠢᠭᠤᠯᠤᠨ ᠬᠡᠰᠡᠭ ᠬᠥᠮᠦᠰ ᠢ ᠰᠤᠩᠭᠤᠨ ᠠᠪᠴᠤ ᠪᠢᠴᠢᠭ ᠮᠠᠲ᠋ᠧᠷᠢᠶᠠᠯ ᠢᠶᠠᠷ ᠠᠷᠠᠳ ᠣᠯᠠᠨ ᠳᠤ ᠮᠡᠳᠡᠭᠳᠡᠨ᠎ᠡ︾ | ᠵᠡᠷᠭᠡ ᠮᠡᠳᠡᠭᠡ ᠵᠠᠩᠭᠢ ᠶᠢ ᠪᠢᠴᠢᠵᠦ ᠪᠠᠶᠢᠪᠠ᠃ ᠬᠡᠷᠪᠡ ᠲᠠ ᠦᠨᠡᠬᠡᠷ ᠮᠡᠳᠡᠭᠳᠡᠯ ᠤᠨ ᠪᠢᠴᠢᠭ ᠳᠣᠲᠣᠷᠠᠬᠢ | ᠬᠤᠯᠪᠣᠭᠠᠰᠤ ᠪᠠᠷ ᠳᠠᠮᠵᠢᠨ ᠶᠠᠷᠢᠯᠴᠠᠭᠠᠨ ᠤ ᠨᠢᠭᠤᠷ ᠲᠠᠯ᠎ᠠ ᠳᠤ ᠤᠷᠤᠬᠤ ᠳᠤ ᠬᠦᠷᠪᠡᠯ ᠨᠥᠭᠦᠭᠡ ᠡᠲᠡᠭᠡᠳ ᠨᠢ | ᠴᠢᠮ᠎ᠠ ᠳᠤ ᠨᠢᠭᠡ ︽ᠴᠢᠬᠤᠯᠠ ᠮᠡᠳᠡᠭᠳᠡᠯ︾ ᠢ ᠬᠡᠯᠡᠵᠦ ᠥᠭᠭᠦᠨ᠎ᠡ᠂ ᠬᠢᠨᠠᠨ ᠬᠠᠷᠭᠤᠭᠤᠯᠤᠯᠲᠠ ᠶᠢ | ᠥᠩᠭᠡᠷᠡᠭᠡᠭᠰᠡᠨ ᠤ ᠳᠠᠷᠠᠭ᠎ᠠ ᠬᠤᠪᠢ ᠬᠥᠮᠦᠨ ᠠᠷᠠᠳ ᠣᠯᠠᠨ ᠳᠤ ᠲᠠᠯᠪᠢᠭᠰᠠᠨ ᠮᠥᠩᠭᠦ ᠶᠢ ᠠᠪᠬᠤ ᠳᠤ 1% ᠶᠢᠨ | ᠭᠠᠷ ᠬᠦᠢᠡᠳᠬᠡᠯ ᠤᠨ ᠰᠦᠢᠳᠭᠡᠯ ᠲᠤᠰᠢᠶᠠᠬᠤ ᠬᠡᠷᠡᠭᠲᠡᠶ ᠭᠡᠵᠦ ᠬᠡᠯᠡᠨ᠎ᠡ᠃ ᠳᠠᠷᠠᠭ᠎ᠠ ᠨᠢ᠂ ᠨᠥᠭᠦᠭᠡ ᠡᠲᠡᠭᠡᠳ ᠨᠢ | ᠲᠠᠰᠤᠷᠠᠯᠲᠠ ᠥᠬᠡᠶ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠪᠠᠷ ᠳᠠᠮᠵᠢᠭᠤᠯᠤᠨ ᠪᠤᠷᠤᠭᠤ ᠲᠠᠭᠯᠠᠭᠰᠠᠨ᠂ | ᠨᠢᠭᠤᠴᠠ ᠨᠣᠮᠧᠷ ᠴᠢᠨᠢ ᠪᠤᠷᠤᠭᠤᠳᠠᠭᠰᠠᠨ ᠠᠴᠠ ᠪᠣᠯᠵᠣ ᠲᠠᠩᠰᠠᠨ ᠨᠣᠮᠧᠷ ᠢ ᠴᠢᠨᠢ ᠴᠡᠪᠳᠡᠭᠰᠢᠭᠦᠯᠦᠭᠰᠡᠨ ᠪᠤᠯᠬᠤᠷ | ᠴᠡᠪᠳᠡᠭᠰᠢᠭᠦᠯᠦᠯ ᠢ ᠲᠠᠶᠢᠯᠬᠤ ᠴᠢᠬᠤᠯᠠᠳᠠᠢ ᠭᠡᠵᠦ ᠰᠢᠯᠳᠠᠬᠯᠠᠨ ᠥᠳᠥᠭᠡᠵᠦ ᠪᠠᠶᠢᠭᠠᠳ ᠵᠤᠭᠤᠰ ᠢ ᠴᠢᠨᠢ ᠰᠢᠯᠵᠢᠬᠦᠯᠦᠨ | ᠠᠪᠠᠴᠢᠳᠠᠭ︕ |