ᠶᠢᠨ ᠶᠦᠩ ᠯᠢ ᠣᠳᠣ ᠦᠶ᠎ᠡ ᠶᠢᠨ ᠦᠶᠯᠡᠴᠢᠯᠡᠭᠡᠨ ᠤ ᠦᠶᠯᠡᠰ ᠪᠣᠯᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/29
    5 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠪᠣᠯᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃      ᠶᠢᠨ ᠶᠦᠩ ᠯᠢ ᠨᠡᠷ ᠤᠷᠢᠳ ᠬᠤᠵᠢᠳ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠬᠠᠢ ᠲᠠᠢ ᠮᠠᠰᠢᠨ ᠲᠡᠷᠭᠡ᠂ ᠸᠧᠢ ᠲᠦ᠋ ᠶᠢᠨ ᠲᠦᠷᠦᠯ ᠵᠦᠢᠯ᠂ ᠸᠧᠢ ᠡᠯ ᠤᠨ ᠬᠤᠶᠠᠳᠤᠭᠠᠷ ᠬᠤᠭᠤᠴᠠᠭᠠᠨ ᠤ ᠲᠦᠷᠦᠯ    ᠵᠦᠢᠯ ᠤᠨ ᠪᠠᠶᠢᠭᠤᠯᠤᠯᠳᠠ ᠶᠢᠨ ᠠᠬᠤᠢ ᠲᠠᠯᠠᠪᠠᠢ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠪᠣᠳᠠᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃        ᠶᠢᠨ ᠶᠦᠩ ᠯᠢ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠨᠢ ᠠᠷᠠᠳ ᠤᠯᠠᠨ ᠤ ᠵᠣᠯ ᠵᠢᠷᠭᠠᠯ ᠲᠠᠢ ᠬᠤᠯᠪᠣᠭᠳᠠᠨ᠎ᠠ᠂ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠨᠢ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠯᠠᠪᠠᠢ ᠣᠷᠳᠣᠨ ᠤ ᠳᠠᠪᠠᠭᠤᠯᠢᠭ ᠢᠶᠠᠨ ᠠᠰᠢᠭᠯᠠᠨ᠂ ᠠᠳᠠᠯᠢ ᠪᠤᠰᠤ ᠨᠠᠰᠤᠨ ᠤ᠂ ᠠᠳᠠᠯᠢ ᠪᠤᠰᠤ ᠳᠤᠷ᠎ᠠ ᠰᠣᠨᠢᠷᠬᠠᠯ ᠲᠠᠢ ᠬᠤᠳᠠ ᠶᠢᠨ ᠠᠷᠠᠳ ᠤᠨ ᠬᠡᠷᠡᠭᠴᠡᠭᠡ ᠲᠠᠢ ᠤᠶᠠᠯᠳᠤᠭᠤᠯᠵᠤ᠂ ᠤᠯᠠᠨ ᠶᠠᠩᠵᠤ ᠶᠢᠨ᠂ ᠲᠦᠭᠡᠮᠡᠯ ᠴᠢᠨᠠᠷ ᠢᠶᠠᠷ ᠴᠢᠩᠭ᠎ᠠ ᠤᠷᠤᠯᠳᠤᠭᠠᠨ ᠤ ᠠᠵᠢᠯᠯᠠᠭ᠎ᠠ ᠶᠢ ᠡᠷᠬᠢᠯᠡᠵᠤ᠂ ᠠᠯᠢ ᠲᠦᠷᠭᠡᠨ ᠢᠶᠠᠷ ᠠᠰᠢᠭᠯᠠᠯᠲᠠ ᠳᠤ ᠤᠷᠤᠭᠤᠯᠵᠤ᠂ ᠥᠷᠭᠡᠨ ᠤᠯᠠᠨ ᠬᠤᠳᠠ ᠶᠢᠨ ᠠᠷᠠᠳ ᠲᠤ ᠨᠡᠩ ᠤᠯᠠᠨ ᠴᠢᠨᠠᠷ ᠰᠠᠶᠢᠲᠠᠢ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠬᠠᠩᠭᠠᠬᠤ ᠬᠡᠷᠡᠭᠲᠡᠢ᠃ ᠮᠠᠰᠢᠨ ᠲᠡᠷᠭᠡᠨ ᠤ ᠠᠵᠤ ᠦᠶᠯᠡᠰ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠪᠣᠯ ᠤᠯᠤᠰ ᠤᠨ ︽ᠬᠤᠤᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶ ᠶᠢᠨ ᠨᠡᠮᠡᠭᠳᠡᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠬᠡᠷᠡᠭᠴᠡᠭᠡ ᠮᠥᠨ᠂ ᠠᠵᠤ ᠠᠬᠤᠶᠢᠯᠠᠯ ᠨᠢ ᠳᠠᠭᠠᠭᠤᠯᠤᠭᠴᠢ ᠶᠢᠨ ᠳᠠᠶᠢᠴᠢᠯᠠᠬᠤ ᠦᠶᠯᠡᠳᠦᠯ ᠢᠶᠠᠨ ᠪᠠᠳᠠᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠮᠠᠰᠢᠨ ᠲᠡᠷᠭᠡᠨ ᠤ ᠠᠵᠤ ᠦᠶᠯᠡᠰ ᠤᠨ ᠬᠦᠷᠢᠶᠡᠯᠡᠩ ᠤᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠰᠢᠨ ᠲᠡᠷᠭᠡᠨ ᠤ ᠠᠵᠢᠯ ᠲᠥᠷᠥᠯ ᠤᠨ ᠪᠥᠬᠦ ᠠᠵᠤ ᠦᠶᠯᠡᠰ ᠤᠨ ᠬᠡᠯᠬᠢᠶ᠎ᠡ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠢᠨ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠬᠠᠮᠵᠢᠯᠴᠠᠭ᠎ᠠ ᠪᠠᠨ ᠴᠢᠩᠭᠠᠳᠬᠠᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠤᠰᠤ᠂ ᠴᠠᠬᠢᠯᠭᠠᠨ᠂ ᠬᠡᠶ ᠵᠡᠷᠭᠡ ᠢᠵᠢ ᠪᠥᠷᠢᠳᠦᠭᠦᠯᠦᠭᠰᠡᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠡᠷᠢᠭᠦᠨ ᠤ ᠠᠵᠢᠯ ᠤᠨ ᠦᠷ᠎ᠡ ᠪᠦᠲᠦᠮᠵᠢ ᠪᠣᠯᠤᠨ ᠦᠶᠯᠡᠴᠢᠯᠡᠭᠡᠨ ᠤ ᠶᠠᠰᠤ ᠴᠢᠨᠠᠷ ᠢᠶᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠠᠭᠢᠬᠤ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠪᠠᠷᠢᠯᠭ᠎ᠠ ᠶᠢᠨ ᠨᠢᠭᠡᠴᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠠᠵᠢᠯ ᠤᠨ ᠨᠠᠷᠢᠨ ᠲᠠᠩᠰᠠ ᠭᠠᠷᠭᠠᠵᠤ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠠᠬᠢᠴᠠ ᠶᠢ ᠴᠢᠩᠭ᠎ᠠ ᠠᠳᠬᠤᠵᠤ᠂ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠬᠡᠪᠡ᠃      ᠲᠤᠭᠤᠷᠢᠭ ᠤᠨ ᠤᠳᠤᠷᠢᠳᠤᠯᠭ᠎ᠠ ᠹᠦ᠋ ᠢᠦᠢ᠂ ᠢᠦᠢ ᠷᠦᠢ ᠴᠢᠩ᠂ ᠡᠤ ᠱᠧᠨ ᠮᠦᠸᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号