ᠬᠥᠨᠳᠡᠯᠡᠨ ᠲᠣᠭᠤᠷᠢᠭ ︽ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠤ ᠲᠠᠭᠤ ᠱᠤᠤᠬᠢᠶᠠᠨ ᠢ ᠪᠠᠶᠢᠴᠠᠭᠠᠬᠤ︾ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/31
     ᠨᠢᠭᠡ ᠳᠤ᠂ ᠴᠠᠭ ᠵᠥᠷᠢᠭᠦᠯᠦᠨ ᠵᠢᠵᠢᠭᠦᠷᠯᠡᠵᠦ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠭᠦᠯᠪᠡ᠃ ᠪᠠᠷᠢᠯᠭ᠎ᠠ ᠶᠢᠨ ᠭᠠᠵᠠᠷ ᠤᠨ ᠲᠠᠭᠤ ᠱᠤᠤᠬᠢᠶᠠᠨ ᠤ ᠪᠣᠬᠢᠷᠲᠤᠯ ᠢ ᠪᠦᠲᠦᠮᠵᠢᠲᠡᠶ ᠰᠡᠷᠭᠡᠶᠢᠯᠡᠨ ᠪᠠᠭᠠᠰᠬᠠᠬᠤ ᠶᠢᠨ ᠲᠥᠯᠥᠭᠡ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭ ᠵᠥᠷᠢᠭᠦᠯᠦᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠲᠦᠷᠢᠮ ᠢ ᠲᠣᠭᠲᠠᠭᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠪᠠ᠃ ᠬᠤᠶᠠᠷ ᠲᠤ᠂ ᠳᠤᠮᠳᠠᠳᠤ ᠰᠤᠷᠭᠠᠭᠤᠯᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠪᠠᠷᠢᠯᠭ᠎ᠠ ᠶᠢᠨ ᠠᠵᠢᠯ ᠢᠶᠠᠨ ᠵᠣᠭᠰᠣᠭᠠᠨ᠎ᠠ᠃ ᠣᠳᠣᠬᠠᠨ ᠳᠤ᠂ 12 ᠪᠠᠷᠢᠯᠭ᠎ᠠ ᠶᠢᠨ ᠨᠢᠭᠡᠴᠢ ᠳᠤ ︽ᠳᠤᠮᠳᠠᠳᠤ ᠰᠤᠷᠭᠠᠭᠤᠯᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠲᠠᠭᠤ ᠱᠤᠤᠬᠢᠶᠠᠨ ᠤ ᠪᠤᠬᠢᠷᠳᠤᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠪᠠᠭᠤᠯᠭᠠᠵᠤ᠂ ᠳᠤᠮᠳᠠᠳᠤ ᠰᠤᠷᠭᠠᠭᠤᠯᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠪᠠᠷᠢᠯᠭ᠎ᠠ ᠶᠢᠨ ᠠᠵᠢᠯ ᠢᠶᠠᠨ ᠵᠣᠭᠰᠣᠭᠠᠬᠤ ᠬᠡᠷᠡᠭᠲᠡᠶ ︵ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠬᠠᠤ ᠢᠨᠵᠧᠨᠧᠷᠢᠩ ᠪᠠᠭᠲᠠᠬᠤ    ᠥᠬᠡᠶ︶ ᠭᠡᠵᠦ ᠱᠠᠭᠠᠷᠳᠠᠵᠠᠶ᠃ ᠭᠤᠷᠪᠠ ᠳᠤ᠂ ᠠᠷᠠᠳ ᠤᠯᠠᠨ ᠢ ᠦᠢᠮᠡᠬᠦᠯᠦᠭᠰᠡᠨ ᠠᠰᠠᠭᠤᠳᠠᠯ ᠢ ᠢᠯᠡᠴᠢᠯᠡᠨ ᠮᠡᠳᠡᠭᠦᠯᠵᠦ ᠪᠣᠯᠤᠨ᠎ᠠ᠃ ᠪᠥᠬᠦ ᠲᠤᠭᠤᠷᠢᠭ ᠤᠨ ᠰᠥᠨᠢ ᠶᠢᠨ ᠪᠠᠷᠢᠯᠭ᠎ᠠ ᠶᠢᠨ ᠭᠠᠵᠠᠷ ᠤᠨ ᠲᠠᠭᠤ ᠱᠤᠤᠬᠢᠶᠠᠨ ᠤ ᠪᠣᠬᠢᠷᠲᠤᠯ᠂ ᠵᠠᠮ ᠡᠵᠡᠯᠡᠨ ᠰᠢᠷᠠᠮᠠᠯ ᠢᠳᠡᠭᠡᠨ ᠡᠵᠩᠨᠡᠵᠤ  ᠲᠠᠭᠤ ᠱᠤᠤᠬᠢᠶᠠᠨ ᠭᠠᠷᠭᠠᠵᠤ ᠠᠷᠠᠳ ᠤᠯᠠᠨ ᠢ ᠦᠶᠮᠡᠭᠦᠯᠬᠦ ᠵᠡᠷᠭᠡ ᠠᠰᠠᠭᠤᠳᠠᠯ ᠢ ᠰᠢᠶᠳᠪᠦᠷᠢᠯᠡᠪᠠ᠃ ᠣᠲᠣ ᠪᠣᠯᠲᠠᠯ᠎ᠠ᠂ ᠰᠥᠨᠢ ᠪᠠᠷ ᠪᠠᠷᠢᠯᠭ᠎ᠠ ᠪᠠᠷᠢᠵᠤ ᠠᠷᠠᠳ ᠤᠯᠠᠨ ᠢ ᠦᠶᠮᠡᠭᠦᠯᠦᠭᠰᠡᠨ ᠢᠯᠡᠴᠢᠯᠡᠨ ᠮᠡᠳᠡᠭᠦᠯᠦᠭᠰᠡᠨ ᠬᠡᠷᠡᠭ ᠢ ᠨᠡᠶᠢᠲᠡ 15 ᠭᠥᠯᠢᠶᠡᠨ ᠠᠪᠴᠤ᠂ ᠰᠢᠶᠳᠪᠦᠷᠢᠯᠡᠭᠰᠡᠨ ᠨᠣᠷᠮ᠎ᠠ 100% ᠳᠤ ᠬᠦᠷᠴᠡᠶ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号