ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/5/9
                              ᠪᠤᠭᠤᠲᠤ ᠣᠷᠳᠣᠨ ᠠᠯᠪᠠᠨ ᠲᠠᠷᠬᠠᠭᠠᠭᠰᠠᠨ                              ︹2024︺ 27 ᠳ᠋ᠤᠭᠠᠷ ᠲᠣᠭᠠᠲᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠠᠵᠤ ᠦᠢᠯᠡᠰ ᠤᠨ ᠨᠡᠬᠡᠬᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ᠂ ᠲᠥᠪ ᠤᠨ ᠰᠢᠭᠤᠳ ᠬᠠᠷᠢᠶ᠎ᠠ᠂ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                         2024 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶                 ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢᠨ                 ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ                                     ᠲᠥᠷᠥ ᠶᠢᠨ ᠪᠣᠳᠣᠯᠭ᠎ᠠ       ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠳᠤ ᠭᠠᠷᠭᠠᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠪᠥᠬᠦ ᠲᠤᠭᠤᠷᠢᠭ ᠤᠨ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠪᠠᠷ ᠮᠠᠨ ᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠠᠬᠢᠭᠤᠯᠵᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠷᠥ ᠶᠢᠨ ᠪᠣᠳᠣᠯᠭ᠎ᠠ ᠶᠢ ᠲᠣᠭᠲᠠᠭᠠᠪᠠ᠃  ᠨᠢᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶ᠎ᠡ       ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠮᠠᠨ ᠤ ᠬᠤᠲᠠ ᠶᠢᠨ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠪᠠ ᠬᠥᠭᠵᠢᠯᠲᠡ ᠶᠢ ᠳᠡᠮᠵᠢᠨ᠎ᠡ᠃      ᠬᠤᠶᠠᠷ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠢᠷᠡᠯᠲᠡ ᠬᠢᠭᠡᠳ ᠬᠤᠪᠢᠶᠠᠷᠢᠯᠠᠯᠲᠠ      ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠠᠯᠠ ᠮᠥᠩᠭᠦ ᠨᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠰ ᠱᠠᠲᠤ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠪᠠᠯᠠ ᠮᠥᠩᠭᠦ ᠪᠠᠷ ᠪᠦᠷᠢᠯᠳᠦᠨ᠎ᠡ᠃ ᠡᠭᠦᠨ ᠳᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠰ ᠱᠠᠲᠤᠨ ᠤ ᠪᠠᠯᠠ ᠮᠥᠩᠭᠦ ᠶᠢ ᠪᠥᠬᠦ ᠬᠤᠲᠠ ᠶᠢᠨ ᠬᠤᠪᠣᠷ ᠰᠢᠷᠣᠶ ᠶᠢᠨ ᠠᠵᠤ ᠠᠬᠤᠶᠢᠯᠠᠯ ᠳᠤ ᠬᠠᠨᠳᠤᠭᠤᠯᠤᠨ ᠳᠡᠮᠵᠢᠯᠭᠡ ᠬᠠᠩᠭᠠᠵᠤ᠂ ᠬᠤᠰᠢᠭᠤ ᠰᠢᠶᠠᠨ ᠲᠣᠭᠤᠷᠢᠭ ᠤᠨ ᠪᠠᠯᠠ ᠮᠥᠩᠭᠦ ᠶᠢ ᠲᠣᠰ ᠬᠠᠷᠢᠶ᠎ᠠ ᠣᠷᠣᠨ ᠤ ᠬᠤᠪᠣᠷ ᠰᠢᠷᠣᠶ ᠶᠢᠨ ᠠᠵᠤ ᠠᠬᠤᠶᠢᠯᠠᠯ ᠳᠤ ᠬᠠᠨᠳᠤᠭᠤᠯᠤᠨ ᠳᠡᠮᠵᠢᠯᠭᠡ ᠬᠠᠩᠭᠠᠨ᠎ᠠ᠃ ᠪᠣᠳᠠᠲᠠᠶ ᠠᠵᠤ ᠠᠬᠤᠶᠢᠯᠠᠯ ᠤᠨ ᠲᠥᠷᠥᠯ ᠵᠦᠢᠯ ᠤᠨ ᠳᠡᠮᠵᠢᠯᠭᠡ ᠶᠢ ᠭᠤᠷᠪᠠᠨ ᠱᠠᠲᠤᠨ ᠤ ᠪᠡᠯᠡ ᠮᠥᠩᠭᠦ ᠠᠴᠠ ᠵᠣᠬᠢᠬᠤ ᠬᠠᠷᠢᠴᠠᠯ ᠢᠶᠠᠷ ᠬᠤᠪᠢᠶᠠᠷᠢᠯᠠᠨ᠎ᠠ᠃      ᠭᠤᠷᠪᠠ᠂ ᠲᠥᠷᠥ ᠶᠢᠨ ᠪᠣᠳᠣᠯᠭ᠎ᠠ ᠪᠠᠷ ᠳᠡᠮᠵᠢᠬᠦ ᠵᠠᠷᠴᠢᠮ      ᠰᠡᠭᠦᠯᠡᠷ ᠨᠢ ᠨᠥᠬᠦᠪᠥᠷᠢ ᠥᠭᠴᠦ ᠳᠡᠮᠵᠢᠬᠦ ᠠᠷᠭ᠎ᠠ ᠬᠡᠯᠪᠡᠷᠢ ᠶᠢ ᠠᠪᠤᠨ᠎ᠠ᠃ ᠠᠳᠠᠯᠢ ᠪᠤᠰᠤ ᠲᠣᠭᠠᠴᠢᠯᠠᠭᠰᠠᠨ ᠥᠭᠡᠷᠡᠴᠢᠯᠡᠯᠲᠡ ᠶᠢᠨ ᠵᠠᠭᠪᠤᠷ ᠢ ᠦᠨᠳᠦᠰᠦᠯᠡᠨ ᠠᠳᠠᠯᠢ ᠪᠤᠰᠤ ᠬᠠᠷᠢᠴᠠᠯ ᠢᠶᠠᠷ ᠳᠡᠮᠵᠢᠯᠭᠡ ᠦᠵᠡᠭᠦᠯᠦᠨ᠎ᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ᠂ ᠲᠣᠭᠠᠵᠢᠭᠤᠯᠬᠤ ᠦᠢᠯᠡᠳᠪᠦᠷᠢ ᠶᠢᠨ ᠲᠠᠰᠤᠭ ᠤᠨ ᠤᠶᠤᠨᠴᠢᠯᠠᠭᠰᠠᠨ ᠦᠢᠯᠡᠳᠪᠦᠷᠢ ᠵᠢᠴᠢ ᠳᠤᠮᠳᠠ ᠵᠢᠵᠢᠭ ᠠᠵᠤ ᠠᠬᠤᠶᠢᠯᠠᠯ ᠲᠡᠶᠢᠰᠢ ᠭᠤᠣᠯᠳᠠᠯᠭ᠎ᠠ ᠲᠠᠢ ᠬᠡᠯᠪᠠᠶᠢᠯᠭᠡᠨ᠎ᠡ᠃      ᠭᠠᠭᠴᠠ ᠲᠥᠷᠥᠯ ᠵᠦᠢᠯ ᠤᠨ ᠳᠡᠮᠵᠢᠬᠦ ᠪᠡᠯᠡ ᠮᠥᠩᠭᠦ ᠶᠢ ᠡᠩ ᠤᠨ ᠪᠠᠶᠢᠳᠠᠯ ᠳᠤ ᠬᠠᠮᠤᠭ ᠤᠨ ᠥᠨᠳᠥᠷ ᠲᠤ ᠪᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ 20% ᠠᠴᠠ ᠬᠡᠲᠦᠷᠡᠬᠦᠯᠬᠦ ᠦᠭᠡᠢ᠂ ᠲᠤᠭ᠎ᠠ ᠬᠡᠮᠵᠢᠶ᠎ᠡ ᠶᠢ 300 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ᠃ ᠴᠢᠬᠤᠯᠠ ᠶᠡᠭᠡ ᠪᠥᠭᠡᠳ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠲᠥᠷᠥᠯ ᠵᠦᠢᠯ ᠲᠠᠢ᠂ ᠳᠡᠮᠵᠢᠬᠦ ᠬᠠᠷᠢᠴᠠᠯ ᠪᠠ ᠬᠢᠵᠠᠭᠠᠷ ᠢ ᠲᠤᠰᠬᠠᠶ ᠰᠡᠳᠦᠪ ᠢᠶᠠᠷ ᠰᠤᠳᠤᠯᠤᠨ ᠲᠣᠭᠲᠠᠭᠠᠨ᠎ᠠ᠃      ᠳᠥᠷᠪᠡ᠂ ᠲᠥᠷᠥ ᠶᠢᠨ ᠪᠣᠳᠣᠯᠭ᠎ᠠ ᠪᠠᠷ ᠳᠡᠮᠵᠢᠬᠦ ᠵᠦᠭᠯᠡᠭᠦᠷ      ︵ᠨᠢᠭᠡ︶ ᠰᠦᠯᠵᠢᠶᠡᠨ ᠤ ᠰᠠᠭᠤᠷᠢ ᠲᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ      1. ᠠᠵᠤ ᠠᠬᠤᠶᠢᠯᠠᠯ ᠤᠨ ᠳᠣᠲᠣᠷ᠎ᠠ ᠭᠠᠳᠠᠨᠠᠬᠢ ᠰᠦᠯᠵᠢᠶᠡᠨ ᠤ ᠥᠭᠡᠷᠡᠴᠢᠯᠡᠯᠲᠡ ᠶᠢ ᠳᠡᠮᠵᠢᠵᠦ᠂ 5G᠂ ᠠᠵᠤ ᠦᠢᠯᠡᠳᠪᠦᠷᠢ ᠶᠢᠨ ᠢᠲ᠋ᠧᠷ ᠰᠦᠯᠵᠢᠶ᠎ᠡ᠂ ᠠᠵᠤ ᠦᠢᠯᠡᠳᠪᠦᠷᠢ ᠶᠢᠨ ᠤᠲᠠᠰᠤ ᠥᠬᠡᠶ ᠵᠡᠷᠭᠡ ᠰᠦᠯᠵᠢᠶᠡᠨ ᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠠᠵᠤ ᠠᠬᠤᠶᠢᠯᠠᠯ ᠤᠨ ᠳᠣᠲᠣᠭᠠᠳᠤ ᠳᠤ ᠪᠤᠶᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠨ ᠬᠤᠭᠤᠷᠣᠨᠳᠣ ᠥᠨᠳᠥᠷ ᠪᠦᠲᠦᠮᠵᠢᠲᠡᠶ ᠪᠠᠷ ᠬᠤᠯᠪᠣᠯᠳᠤᠭᠰᠠᠨ ᠰᠦᠯᠵᠢᠶᠡᠨ ᠤ ᠣᠷᠴᠢᠨ ᠲᠣᠭᠤᠷᠢᠨ ᠢ ᠲᠥᠷᠥᠯ ᠵᠦᠢᠯ ᠤᠨ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢᠨ 10% ᠠᠴᠠ ᠬᠡᠲᠦᠷᠡᠭᠦᠯᠬᠦ ᠥᠬᠡᠶ᠂ ᠠᠵᠤ ᠠᠬᠤᠶᠢᠯᠠᠯ ᠪᠦᠷᠢ ᠳᠤ ᠬᠠᠮᠤᠭ ᠤᠨ ᠥᠨᠳᠥᠷ ᠲᠤ ᠪᠠᠨ 50 ᠲᠦᠮᠡᠨ ᠲᠥᠭᠦᠷᠢᠭ ᠠᠴᠠ ᠬᠡᠲᠦᠷᠡᠬᠦᠯᠬᠦ ᠥᠬᠡᠶ ᠪᠠᠷ ᠨᠥᠬᠦᠪᠥᠷᠢ ᠣᠯᠭᠤᠨ᠎ᠠ᠃      ︵ᠬᠤᠶᠠᠷ︶ ᠵᠠᠩᠭᠢᠯᠠᠭ᠎ᠠ ᠶᠢᠨ ᠶᠠᠪᠤᠴᠠ ᠶᠢᠨ ᠲᠣᠭᠠᠴᠢᠯᠠᠭᠰᠠᠨ ᠥᠭᠡᠷᠡᠴᠢᠯᠡᠯᠲᠡ ᠶᠢ ᠠᠬᠢᠭᠤᠯᠤᠨ᠎ᠠ      2. ᠠᠵᠤ ᠠᠬᠤᠶᠢᠯᠠᠯ ᠤᠨ ᠣᠳᠣ ᠶᠢᠨ ᠪᠠᠶᠢᠭ᠎ᠠ ᠦᠢᠯᠡᠳᠪᠦᠷᠢᠯᠡᠯ ᠤᠨ ᠵᠠᠩᠭᠢᠯᠠᠭ᠎ᠠ ᠶᠢᠨ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠶᠢᠨ ᠠᠦ᠋ᠲ᠋ᠣᠴᠢᠯᠠᠬᠤ᠂ ᠲᠣᠭᠠᠴᠢᠯᠠᠭᠰᠠᠨ ᠥᠭᠡᠷᠡᠴᠢᠯᠡᠯᠲᠡ ᠶᠢ ᠳᠡᠮᠵᠢᠵᠦ᠂ ᠮᠠᠰᠢᠨ ᠢᠶᠠᠷ ᠬᠥᠮᠥᠨ ᠤ ᠬᠦᠴᠦᠨ ᠤ ᠠᠵᠢᠯᠯᠠᠭ᠎ᠠ ᠶᠢ ᠣᠷᠣᠯᠠᠭᠤᠯᠬᠤ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠶᠢᠨ ᠠᠦ᠋ᠲ᠋ᠣᠴᠢᠯᠠᠬᠤ᠂ ᠲᠣᠭᠠᠴᠢᠯᠠᠭᠰᠠᠨ ᠡᠵᠡᠮᠰᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠪᠣᠳᠠᠲᠠᠢ ᠪᠡᠯᠡ ᠣᠷᠣᠭᠤᠯᠤᠯᠲᠠ ᠶᠢᠨ ᠲᠣᠭᠠᠨ ᠤ 15% ᠠᠴᠠ ᠬᠡᠲᠦᠷᠡᠭᠦᠯᠬᠦ ᠦᠭᠡᠢ᠂ ᠠᠵᠤ ᠠᠬᠤᠶᠢᠯᠠᠯ ᠪᠦᠷᠢ ᠳᠤ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠪᠦᠷᠢ ᠣᠯᠭᠤᠨ᠎ᠠ᠃      3. ᠠᠵᠤ ᠠᠬᠤᠶᠢᠯᠠᠯ ᠤᠨ ︽ᠡᠭᠦᠯᠡᠨ ᠪᠤᠳᠤᠯᠲᠠ ᠶᠢᠨ ᠲᠤᠭ᠎ᠠ ᠪᠠᠷᠢᠮᠲᠠ ᠪᠠᠷ ᠣᠶᠤᠨ ᠣᠯᠭᠤᠬᠤ︾ ᠶᠢ ᠳᠡᠮᠵᠢᠵᠦ᠂ ᠠᠵᠤ ᠠᠬᠤᠶᠢᠯᠠᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠤᠨ ᠡᠭᠦᠯᠡᠨ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠦᠢᠯᠡᠴᠢᠯᠡᠭᠡ᠂ ᠲᠠᠪᠴᠠᠩ ᠤᠨ ᠰᠢᠰᠲ᠋ᠧᠮ ᠤᠨ ᠲᠥᠷᠥᠯ ᠤᠨ ᠦᠢᠯᠡᠴᠢᠯᠡᠭᠡ ᠶᠢ ᠬᠡᠷᠡᠭᠯᠡᠨ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ︵    ᠲᠠᠪᠴᠠᠩ︶ ᠢ ᠪᠦᠲᠦᠭᠡᠨ ᠪᠠᠶᠢᠭᠤᠯᠬᠤ ᠪᠤᠶᠤ ᠭᠤᠷᠪᠠᠳᠠᠬᠢ ᠡᠲᠡᠭᠡᠳ ᠤᠨ ᠡᠭᠦᠯᠡᠨ ᠡᠬᠢ ᠪᠠᠶᠠᠯᠢᠭ ᠢ ᠠᠰᠢᠭᠯᠠᠨ ︽ᠲᠣᠨᠤᠭ ᠲᠥᠬᠦᠭᠡᠷᠦᠮᠵᠢ ᠶᠢ ᠡᠭᠦᠯᠡᠨ ᠲᠠᠪᠴᠠᠩ ᠳᠤ ᠣᠷᠣᠭᠤᠯᠬᠤ︾ ᠶᠢ ᠠᠬᠢᠭᠤᠯᠵᠤ᠂ ᠲᠥᠷᠥᠯ ᠵᠦᠢᠯ ᠤᠨ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢᠨ 20% ᠠᠴᠠ ᠬᠡᠲᠦᠷᠡᠭᠦᠯᠬᠦ ᠥᠬᠡᠶ᠂ ᠡᠷᠦᠬᠡ ᠪᠦᠷᠢ ᠶᠢᠨ ᠠᠵᠤ ᠠᠬᠤᠶᠢᠯᠠᠯ ᠳᠤ ᠬᠠᠮᠤᠭ ᠤᠨ ᠥᠨᠳᠥᠷ ᠲᠤ ᠪᠠᠨ 50 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ ᠪᠠᠷ ᠨᠥᠬᠦᠪᠥᠷᠢ ᠣᠯᠭᠤᠨ᠎ᠠ᠃      4. ᠠᠵᠤ ᠠᠬᠤᠶᠢᠯᠠᠯ ᠤᠨ ᠦᠢᠯᠡᠳᠬᠦᠨ ᠤ ᠤᠷ᠎ᠠ ᠮᠡᠷᠭᠡᠰᠢᠯ ᠢ ᠰᠤᠳᠤᠯᠤᠨ ᠨᠡᠭᠡᠭᠡᠬᠦ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠦᠢᠯᠡᠳᠬᠦᠨ ᠤ ᠶᠠᠰᠤ ᠴᠢᠨᠠᠷ ᠤᠨ ᠬᠠᠮᠢᠶᠠᠷᠤᠯᠲᠠ᠂ ᠡᠨᠧᠷᠭᠢ ᠶᠢᠨ ᠬᠤᠷᠣᠭᠳᠠᠯ ᠢ ᠬᠢᠨᠠᠨ ᠬᠡᠮᠵᠢᠬᠦ᠂ ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠬᠦ ᠬᠢᠭᠡᠳ ᠵᠠᠰᠠᠬᠤ ᠵᠡᠷᠭᠡ ᠦᠢᠯᠡᠳᠪᠦᠷᠢᠯᠡᠯ ᠤᠨ ᠲᠤᠰᠠᠯᠠᠬᠤ ᠬᠦᠷᠢᠶᠡᠨ ᠤ ᠲᠣᠭᠤᠷᠢᠨ ᠳᠤ ᠲᠣᠭᠠᠴᠢᠯᠠᠭᠰᠠᠨ ᠥᠭᠡᠷᠡᠴᠢᠯᠡᠯᠲᠡ ᠬᠢᠬᠦ ᠶᠢ ᠳᠡᠮᠵᠢᠵᠦ᠂ ᠲᠦᠷᠦᠯ ᠵᠦᠢᠯ ᠤᠨ ᠪᠣᠳᠠᠲᠠᠢ ᠪᠡᠯᠡ ᠣᠷᠣᠭᠤᠯᠤᠯᠲᠠ ᠶᠢᠨ ᠲᠣᠭᠠᠨ ᠤ 15% ᠠᠴᠠ ᠬᠡᠲᠦᠷᠡᠭᠦᠯᠬᠦ ᠦᠭᠡᠢ᠂ ᠡᠷᠦᠬᠡ ᠪᠦᠷᠢ ᠶᠢᠨ ᠠᠵᠤ ᠠᠬᠤᠶᠢᠯᠠᠯ ᠳᠤ ᠬᠠᠮᠤᠭ ᠤᠨ ᠥᠨᠳᠥᠷ ᠲᠤ ᠪᠠᠨ 50 ᠲᠦᠮᠡᠨ ᠲᠥᠭᠦᠷᠢᠭ ᠠᠴᠠ ᠭᠡᠲᠦᠷᠡᠭᠦᠯᠬᠦ ᠦᠭᠡᠢ ᠪᠠᠷ ᠨᠥᠬᠦᠪᠥᠷᠢ ᠣᠯᠭᠤᠨ᠎ᠠ᠃      5. ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢ ᠳᠡᠮᠵᠢᠵᠦ᠂ ᠦᠵᠡᠭᠳᠡᠬᠦ᠋ᠢᠴᠡ ᠲᠣᠭᠠᠴᠢᠯᠠᠭᠰᠠᠨ ᠵᠠᠭᠪᠤᠷ ᠢ ᠪᠠᠶᠢᠭᠤᠯᠬᠤ ᠪᠤᠶᠤ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠳᠤ ᠰᠠᠭᠤᠷᠢᠯᠠᠭᠰᠠᠨ ᠨᠢᠭᠡᠳᠦᠯᠲᠡᠢ ᠲᠥᠪᠯᠡᠷᠡᠭᠦᠯᠦᠨ ᠬᠠᠮᠢᠶᠠᠷᠬᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠨ ᠡᠵᠡᠮᠳᠡᠬᠦ ᠲᠠᠪᠴᠠᠩ ᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠣᠶᠤᠨᠴᠢᠯᠠᠭᠰᠠᠨ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ ᠲᠦᠷᠦᠯ ᠵᠦᠢᠯ ᠤᠨ ᠪᠣᠳᠠᠲᠠᠢ ᠪᠡᠯᠡ ᠣᠷᠣᠭᠤᠯᠤᠯᠲᠠ ᠶᠢᠨ ᠲᠣᠭᠠᠨ ᠤ 15% ᠠᠴᠠ ᠬᠡᠲᠦᠷᠡᠭᠦᠯᠬᠦ ᠦᠭᠡᠢ᠂ ᠡᠷᠦᠬᠡ ᠪᠦᠷᠢ ᠶᠢᠨ ᠠᠵᠤ ᠠᠬᠤᠶᠢᠯᠠᠯ ᠳᠤ ᠬᠠᠮᠤᠭ ᠤᠨ ᠥᠨᠳᠥᠷ ᠳᠤ ᠪᠠᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠪᠦᠷᠢ ᠣᠯᠭᠤᠨ᠎ᠠ᠃ ︵ᠭᠤᠷᠪᠠ︶ ᠠᠵᠦ ᠦᠢᠯᠡᠳᠪᠦᠷᠢ ᠶᠢᠨ ᠲᠣᠭᠠᠵᠢᠭᠤᠯᠥᠠᠠᠰᠠᠨ ᠭᠤᠤᠯᠳᠡᠯᠭ᠎ᠠ ᠲᠠᠢ ᠳᠥᠷᠦᠯ ᠵᠦᠢᠯ ᠢ ᠪᠤᠶᠢᠵᠢᠭᠤᠯᠥᠨ᠎ᠠ      6. ᠬᠡᠯᠬᠢᠶ᠎ᠡ ᠶᠢᠨ ᠭᠤᠤᠯ ᠠᠵᠤ ᠠᠬᠤᠶᠢᠯᠠᠯ ᠤᠨ ᠠᠵᠢᠯ ᠲᠥᠷᠥᠯ ᠤᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠠᠶᠢᠭᠤᠯᠬᠤ ᠶᠢ ᠳᠡᠮᠵᠢᠵᠦ᠂ ᠬᠡᠯᠬᠢᠶᠡᠵᠢᠯ ᠤᠨ ᠳᠣᠲᠣᠷᠠᠬᠢ ᠠᠵᠤ ᠠᠬᠤᠶᠢᠯᠠᠯ ᠳᠤ ᠲᠠᠪᠴᠠᠩᠵᠢᠭᠤᠯᠬᠤ ᠦᠢᠯᠡᠴᠢᠯᠡᠭᠡ ᠶᠢ ᠬᠠᠩᠭᠠᠨ᠎ᠠ︔ ᠬᠤᠪᠣᠷ ᠰᠢᠷᠣᠶ ᠶᠢᠨ ᠠᠵᠤ ᠠᠬᠤᠶᠢᠯᠠᠯ ᠤᠨ ᠠᠵᠤ ᠠᠬᠤᠶᠢᠯᠠᠯ ᠤᠨ ᠱᠠᠲᠤᠨ ᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠠᠶᠢᠭᠤᠯᠬᠤ ᠶᠢ    ᠳᠡᠮᠵᠢᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠡᠯ᠎ᠡ ᠦᠢᠯᠡᠳᠪᠦᠷᠢᠯᠡᠯ ᠬᠠᠮᠢᠶᠠᠷᠤᠯᠲᠠ ᠶᠢᠨ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠎ᠡ᠃ ᠪᠠᠶᠢᠭᠤᠯᠤᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠯᠪᠡᠷᠢ ᠶᠢᠨ ᠲᠠᠪᠴᠠᠩ ᠪᠠᠶᠢᠭᠤᠯᠬᠤ ᠶᠢ ᠳᠡᠮᠵᠢᠨ᠎ᠡ᠃ ᠲᠥᠷᠥᠯ ᠵᠦᠢᠯ ᠤᠨ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢᠨ 20% ᠠᠴᠠ ᠬᠡᠲᠦᠷᠡᠭᠦᠯᠬᠦ ᠥᠬᠡᠶ ᠪᠠᠶᠢᠬᠤ ᠶᠣᠰᠣᠭᠠᠷ᠂ ᠠᠵᠢᠯ ᠲᠥᠷᠥᠯ ᠤᠨ ᠲᠠᠰ ᠤᠨ ᠲᠠᠪᠴᠠᠩ ᠳᠤ ᠬᠠᠮᠤᠭ ᠤᠨ ᠥᠨᠳᠥᠷ ᠲᠤ ᠪᠠᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠂ ᠠᠵᠤ ᠠᠬᠤᠶᠢᠯᠠᠯ ᠤᠨ ᠲᠠᠰ ᠤᠨ ᠲᠠᠪᠴᠠᠩ ᠳᠤ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠡᠯᠪᠡᠷᠢ ᠶᠢᠨ ᠲᠠᠪᠴᠠᠩ ᠳᠤ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠠᠴᠠ ᠭᠡᠲᠦᠷᠡᠭᠦᠯᠬᠦ ᠥᠬᠡᠶ ᠪᠠᠷ ᠨᠥᠬᠦᠪᠥᠷᠢ ᠣᠯᠭᠤᠨ᠎ᠠ᠃      7. ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠨ ᠲᠠᠨᠢᠬᠤ ᠠᠵᠤ ᠠᠬᠤᠶᠢᠯᠠᠯ ᠤᠨ ᠲᠠᠰ ᠤᠨ ᠵᠠᠩᠭᠢᠯᠠᠭ᠎ᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢᠨ 15% ᠠᠴᠠ ᠬᠡᠲᠦᠷᠡᠭᠦᠯᠬᠦ ᠥᠬᠡᠶ᠂ ᠲᠠᠩ ᠭᠠᠭᠴᠠ ᠠᠵᠤ ᠠᠬᠤᠶᠢᠯᠠᠯ ᠳᠤ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ ᠪᠠᠷ ᠨᠥᠬᠦᠪᠥᠷᠢ ᠣᠯᠭᠤᠨ᠎ᠠ᠃      8. ᠲᠣᠭᠠᠴᠢᠯᠠᠭᠰᠠᠨ ᠦᠢᠯᠡᠳᠪᠦᠷᠢ ᠶᠢᠨ ᠲᠠᠰᠤᠭ᠂ ᠣᠶᠤᠨᠲᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠣᠳᠠᠲᠠᠢ ᠪᠡᠶᠡᠯᠡᠭᠦᠯᠦᠭᠰᠡᠨ ᠵᠠᠩᠭᠢᠯᠠᠭ᠎ᠠ ᠶᠢᠨ ᠲᠥᠬᠦᠭᠡᠷᠦᠮᠵᠢ ᠵᠢᠴᠢ ᠵᠥᠭᠡᠯᠡᠨ ᠬᠠᠲᠠᠭᠤ ᠬᠡᠷᠡᠭᠰᠡᠯ ᠤᠨ ᠪᠡᠯᠡ ᠣᠷᠣᠭᠤᠯᠤᠯᠲᠠ ᠶᠢᠨ ᠲᠣᠭᠠᠨ ᠤ 20% ᠶᠢ ᠬᠡᠲᠦᠷᠡᠭᠦᠯᠬᠦ ᠦᠭᠡᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠤᠨ ᠲᠦᠷᠦᠯ ᠵᠦᠢᠯ ᠳᠤ ᠬᠠᠮᠤᠭ ᠤᠨ ᠥᠨᠳᠥᠷ ᠲᠤ ᠪᠠᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠣᠶᠤᠨᠲᠤ ᠦᠢᠯᠡᠳᠪᠦᠷᠢ ᠶᠢᠨ ᠲᠦᠷᠦᠯ ᠵᠦᠢᠯ ᠳᠤ ᠬᠠᠮᠤᠭ ᠤᠨ ᠥᠨᠳᠥᠷ ᠲᠤ ᠪᠠᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠪᠦᠷᠢ ᠣᠯᠭᠤᠨ᠎ᠠ᠃       ︵ᠲᠦᠷᠪᠡ︶ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ       9. ᠠᠵᠤ ᠠᠬᠤᠶᠢᠯᠠᠯ ᠤᠨ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠠᠭᠤᠰᠤᠯᠴᠠᠯ ᠤᠨ ᠪᠠᠷᠢᠮᠵᠢᠶ᠎ᠠ ᠶᠢ ᠲᠤᠭᠤᠰᠢᠯᠠᠭᠤᠯᠵᠤ᠂ 2A ᠳᠡᠰ ︵ᠪᠠᠭᠲᠠᠭᠠᠨ᠎ᠠ︶ ᠵᠢᠴᠢ ᠲᠡᠭᠦᠨ ᠠᠴᠠ ᠳᠡᠭᠡᠭᠦᠷ ᠦᠨᠡᠮᠰᠢᠭᠰᠡᠨ ᠪᠠᠶᠢᠪᠠᠯ᠂ ᠱᠠᠩᠨᠠᠵᠤ ᠨᠥᠬᠦᠪᠦᠷᠢᠯᠡᠬᠦ ᠳᠡᠰ ᠨᠢ ᠳᠠᠷᠠᠭᠠᠯᠠᠨ 30 ᠲᠦᠮᠡᠨ ᠲᠥᠭᠦᠷᠢᠭ᠂ 50 ᠲᠦᠮᠡᠨ ᠲᠥᠭᠦᠷᠢᠭ᠂ 70 ᠲᠦᠮᠡᠨ ᠲᠥᠭᠦᠷᠢᠭ᠂ 100 ᠲᠦᠮᠡᠨ ᠲᠥᠭᠦᠷᠢᠭ ᠪᠣᠯᠣᠨ᠎ᠠ︔ ᠠᠵᠤ ᠠᠬᠤᠶᠢᠯᠠᠯ ᠤᠨ ᠤᠶᠤᠨᠴᠢᠯᠠᠨ ᠦᠢᠯᠡᠳᠬᠦ ᠴᠢᠳᠠᠪᠤᠷᠢ ᠶᠢᠨ ᠪᠣᠯᠪᠠᠰᠤᠷᠠᠭᠰᠠᠨ ᠬᠡᠮᠵᠢᠶ᠎ᠡ ᠶᠢᠨ ᠦᠨᠡᠯᠡᠨ ᠵᠢᠱᠢᠯᠲᠡ ᠨᠢ ᠬᠤᠷᠠᠮᠠᠯ ᠲᠠᠰ᠂ ᠰᠢᠯᠢᠳᠡᠭᠵᠢᠭᠰᠡᠨ ᠲᠠᠰ᠂ ᠬᠥᠲᠥᠯᠥᠨ ᠳᠠᠭᠠᠭᠤᠯᠬᠤ ᠳᠡᠰ ᠲᠤ ᠬᠦᠷᠴᠦ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠱᠠᠩᠨᠠᠵᠤ ᠨᠥᠬᠦᠪᠦᠷᠢᠯᠡᠬᠦ ᠳᠡᠰ ᠨᠢ ᠳᠠᠷᠠᠭᠠᠯᠠᠨ 50 ᠲᠦᠮᠡᠨ ᠲᠥᠭᠦᠷᠢᠭ᠂ 70 ᠲᠦᠮᠡᠨ ᠲᠥᠭᠦᠷᠢᠭ᠂ 100 ᠲᠦᠮᠡᠨ ᠲᠥᠭᠦᠷᠢᠭ ᠪᠣᠯᠣᠨ᠎ᠠ ︵ᠬᠤᠶᠠᠷ ᠵᠦᠢᠯ ᠤᠨ ᠦᠨᠡᠮᠰᠢᠯ ᠤᠨ ᠱᠠᠩᠨᠠᠯ ᠢ ᠬᠠᠮᠲᠤ ᠳᠤ ᠨᠢ ᠭᠥᠷᠳᠡᠵᠦ    ᠪᠣᠯᠤᠨ᠎ᠠ︶᠃      10. ᠠᠵᠤ ᠠᠬᠤᠶᠢᠯᠠᠯ ᠤᠨ ᠲᠣᠭᠠᠴᠢᠯᠠᠭᠰᠠᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠶᠢ ᠳᠡᠮᠵᠢᠵᠦ᠂ ᠬᠤᠲᠠ ᠶᠢᠨ ᠱᠠᠲᠤᠨ ᠠᠴᠠ ᠳᠡᠭᠡᠭᠰᠢᠬᠢ ︵ᠪᠠᠭᠲᠠᠭᠠᠨ᠎ᠠ︶ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠬᠡᠪ ᠳᠠᠭᠤᠷᠢᠶᠠᠯ ᠪᠤᠶᠤ ᠵᠢᠵᠢᠭ ᠳᠠᠭᠠᠭᠤᠯᠤᠭᠴᠢ ᠪᠠᠷ ᠲᠣᠭᠲᠠᠭᠠᠭᠳᠠᠭᠰᠠᠨ ᠠᠵᠤ ᠠᠬᠤᠶᠢᠯᠠᠯ ᠳᠤ ᠥᠨᠳᠥᠷ ᠪᠣᠯᠪᠠᠴᠤ ᠳᠠᠪᠬᠤᠷᠳᠠᠭᠤᠯᠬᠤ ᠦᠭᠡᠢ ᠵᠠᠷᠴᠢᠮ ᠶᠣᠰᠣᠭᠠᠷ 30 ᠲᠦᠮᠡᠨ ᠲᠥᠭᠦᠷᠢᠭ᠂ 50 ᠲᠦᠮᠡᠨ ᠲᠥᠭᠦᠷᠢᠭ᠂ 70 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      11. ᠲᠣᠭᠠᠴᠢᠯᠠᠭᠰᠠᠨ ᠦᠢᠯᠡᠴᠢᠯᠡᠭᠡᠨ ᠤ ᠬᠤᠳᠠᠯᠳᠤᠭᠠᠴᠢᠨ ᠤ ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠪᠤᠭᠤᠲᠤ ᠬᠤᠳᠠ ᠶᠢᠨ ᠱᠠᠲᠤᠨ ᠤ ᠪᠤᠶᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠢᠨᠠᠷ ᠰᠠᠶᠢᠲᠠᠢ ᠲᠣᠭᠠᠴᠢᠯᠠᠭᠰᠠᠨ ᠦᠢᠯᠡᠴᠢᠯᠡᠭᠡᠨ ᠤ ᠬᠤᠳᠠᠯᠳᠤᠭ᠎ᠠ ᠪᠠᠷ ᠦᠨᠡᠯᠡᠭᠳᠡᠭᠰᠡᠨ ᠠᠵᠤ ᠠᠬᠤᠶᠢᠯᠠᠯ ᠳᠤ ᠦᠢᠯᠡᠴᠢᠯᠡᠭᠡᠨ ᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠣᠰᠣᠭᠠᠷ ᠵᠣᠬᠢᠬᠤ ᠬᠡᠮᠵᠢᠶᠡᠨ ᠤ ᠱᠠᠩᠨᠠᠯ ᠬᠥᠬᠢᠭᠦᠯᠦᠯ ᠣᠯᠭᠤᠨ᠎ᠠ᠃      ᠲᠠᠪᠤ᠂ ᠲᠠᠶᠢᠯᠪᠤᠷᠢ      ᠠᠳᠠᠯᠢ ᠨᠢᠭᠡ ᠠᠵᠤ ᠠᠬᠤᠶᠢᠯᠠᠯ ᠤᠨ ᠵᠢᠯ ᠪᠦᠷᠢ ᠶᠢᠨ ᠳᠡᠮᠵᠢᠬᠦ ᠲᠥᠷᠥᠯ ᠵᠦᠢᠯ ᠢ ᠵᠠᠷᠴᠢᠮ ᠳᠡᠭᠡᠷ᠎ᠡ ᠪᠠᠨ 2 ᠠᠴᠠ ᠬᠡᠲᠦᠷᠡᠭᠦᠯᠬᠦ ᠦᠭᠡᠢ᠂ ᠵᠢᠱᠢᠶ᠎ᠡ ᠦᠵᠡᠭᠦᠯᠬᠦ ᠬᠡᠪ ᠳᠠᠭᠤᠷᠢᠶᠠᠯ ᠵᠢᠴᠢ ᠵᠢᠵᠢᠭ ᠳᠠᠭᠠᠭᠭᠤᠯᠤᠭᠴᠢ᠂ ᠠᠵᠤ ᠦᠢᠯᠡᠳᠪᠦᠷᠢᠵᠢᠯᠲᠡ ᠬᠢᠭᠡᠳ ᠠᠭᠤᠰᠤᠯᠴᠠᠯ ᠤᠨ ᠪᠠᠷᠢᠮᠵᠢᠶ᠎ᠠ ᠶᠢ ᠲᠤᠭᠤᠰᠢᠯᠠᠭᠤᠯᠬᠤ᠂ ᠣᠶᠤᠨᠴᠢ ᠦᠢᠯᠡᠳᠬᠦ ᠴᠢᠳᠠᠪᠤᠷᠢ ᠶᠢᠨ ᠪᠣᠯᠪᠠᠰᠤᠷᠠᠩᠭᠤᠶ ᠬᠡᠮᠵᠢᠶ᠎ᠡ ᠶᠢ ᠦᠨᠡᠯᠡᠨ ᠲᠣᠭᠲᠠᠭᠠᠬᠤ ᠲᠥᠷᠥᠯ ᠵᠦᠢᠯ ᠢ ᠡᠨᠡ ᠬᠦ ᠬᠢᠵᠠᠭᠠᠷᠯᠠᠯ ᠳᠤ ᠣᠷᠤᠭᠤᠯᠬᠤ ᠦᠭᠡᠢ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠨᠡᠶᠢᠲᠡᠯᠡᠭᠰᠡᠨ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠲᠣᠰ ᠲᠥᠷᠥ ᠶᠢᠨ ᠪᠣᠳᠣᠯᠭ᠎ᠠ ᠲᠠᠢ ᠠᠳᠠᠯᠢ ᠴᠢᠨᠠᠷ ᠠᠳᠠᠯᠢ ᠲᠥᠷᠥᠯ ᠳᠤ ᠬᠠᠷᠢᠶᠠᠯᠠᠭᠳᠠᠪᠠᠯ᠂ ᠥᠨᠳᠥᠷ ᠪᠣᠯᠪᠠᠴᠤ ᠳᠠᠪᠬᠤᠷᠳᠠᠭᠤᠯᠬᠤ ᠥᠬᠡᠶ ᠵᠠᠷᠴᠢᠮ ᠤᠨ ᠶᠣᠰᠣᠭᠠᠷ ᠳᠡᠮᠵᠢᠨ᠎ᠡ᠃       ᠲᠣᠰ ᠲᠥᠷᠥ ᠶᠢᠨ ᠪᠣᠳᠣᠯᠭ᠎ᠠ ᠶᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃       ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠣᠯᠣᠨ᠎ᠠ᠃
 
ᠢᠷᠡᠯᠲᠡ᠄ ᠪᠣᠭᠤᠲᠣ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号