5 ᠰᠠᠷ᠎ᠠ ᠶᠢᠨ 30 ᠤ ᠡᠳᠦᠷ ᠬᠦᠨᠳᠡᠯᠡᠨ ᠭᠤᠤᠯ ᠪᠠᠯᠭᠠᠰᠤ ᠾᠧ ᠫᠢᠩ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠤᠷᠰᠢᠨ ᠡᠵᠡᠩᠨᠡᠬᠦ ᠲᠥᠷᠥᠯ ᠵᠦᠶᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/11
     ᠬᠦᠨᠳᠡᠯᠡᠨ ᠭᠤᠤᠯ ᠪᠠᠯᠭᠠᠰᠤᠨ ᠤ ᠾᠧ ᠫᠢᠩ ᠲᠣᠰᠬᠤᠨ ᠪᠣᠯᠤᠨ ᠨᠢᠭᠡᠳᠦᠭᠡᠷ᠂ ᠾᠧ ᠫᠢᠩ ᠲᠤᠰᠬᠤᠨ ᠤ ᠨᠢᠭᠡᠳᠦᠬᠡᠷ ᠲᠤᠭᠤᠶᠢᠯᠠᠩ᠂ ᠳᠥᠷᠪᠡᠳᠦᠭᠡᠷ ᠳᠤᠭᠤᠶᠢᠯᠠᠩ ᠤᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠪᠣᠯᠤᠨ ᠥᠪᠥᠷ ᠮᠣᠩᠭᠤᠯ ᠤᠨ ᠵᠢᠶᠦ᠋ᠨ ᠴᠧᠩ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠽᠢ ᠶᠢᠨ ᠬᠤᠸᠠ ᠹᠦ᠋ ᠶᠢᠨ ᠬᠡᠰᠡᠭ ᠭᠠᠵᠠᠷ ᠤᠨ ᠳᠠᠶᠢᠯᠠᠯᠭ᠎ᠠ ᠶᠢᠨ ᠬᠤᠲᠠ ᠶᠢᠨ ᠲᠥᠷᠥᠯ ᠵᠦᠶᠯ ᠤᠨ ᠲᠤᠬᠠᠶ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 1 ᠳ᠋ᠦᠩᠰᠢᠭᠤᠷ ᠲᠥᠭᠦᠷᠢᠭ ᠪᠠᠶᠢᠵᠤ᠂ ᠭᠤᠣᠯ ᠰᠡᠳᠦᠪᠲᠦ ᠳᠠᠶᠢᠯᠠᠯᠭ᠎ᠠ ᠶᠢᠨ ᠲᠢᠩᠬᠢᠮ 12᠂ ᠪᠠᠭᠤᠳᠠᠯ᠂ ᠲᠡᠷᠭᠡᠨ ᠵᠣᠭᠰᠣᠭᠠᠯ ᠵᠡᠷᠭᠡ ᠢᠵᠢ ᠪᠦᠷᠢᠳᠦᠭᠦᠯᠦᠭᠰᠡᠨ ᠲᠦᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ ᠲᠥᠷᠥᠯ ᠵᠦᠶᠯ ᠨᠢ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠤᠨ ᠬᠡᠷᠡᠭᠯᠡᠬᠦ ᠡᠷᠬᠡ ᠪᠠᠷ ᠬᠤᠪᠢ ᠣᠷᠣᠵᠤ᠂ ᠭᠠᠵᠠᠷ ᠰᠢᠷᠣᠶ ᠶᠢ ᠬᠡᠷᠡᠭᠯᠡᠬᠦ ᠵᠣᠭᠤᠰ ᠤᠨ ᠲᠤᠭ᠎ᠠ ᠶᠢ ᠵᠢᠯ ᠤᠨ 100 ᠲᠦᠮᠡᠨ ᠲᠥᠭᠦᠷᠢᠭ ᠢᠶᠠᠷ ᠭᠡᠷ᠎ᠡ ᠲᠣᠭᠲᠠᠵᠤ᠂ ᠠᠵᠤ ᠠᠬᠤᠶ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ᠬᠤᠤᠰ ᠴᠢᠭᠯᠡᠯ ᠢᠶᠠᠷ ᠳᠡᠭᠡᠭᠰᠢᠯᠡᠬᠦ ᠶᠢ ᠪᠡᠶᠡᠯᠡᠭᠦᠯᠬᠦ ᠪᠤᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号