ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/6/11
    6 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃      ᠢᠦᠢ ᠵᠠᠨ ᠵᠢᠶᠠᠩ᠂ ᠨᠠᠮ ᠤᠨ ᠰᠠᠬᠢᠯᠭ᠎ᠠ ᠪᠠᠲᠤ ᠪᠣᠯ ᠨᠠᠮ ᠤᠨ ᠠᠮᠢᠨ ᠰᠤᠳᠠᠰᠤ ᠮᠥᠨ᠂ ᠴᠢᠩᠭ᠎ᠠ ᠰᠠᠬᠢᠯᠭ᠎ᠠ ᠪᠠᠲᠤᠴᠢ ᠴᠢᠨᠠᠷ ᠪᠣᠯ ᠨᠠᠮ ᠤᠨ ᠡᠬᠦᠳᠦᠨ ᠪᠦᠲᠦᠭᠡᠬᠦ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠪᠠᠲᠤᠯᠠᠬᠤ ᠴᠢᠬᠤᠯᠠ ᠪᠠᠲᠤᠯᠠᠭ᠎ᠠ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠤ᠂ ᠲᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ ᠶᠠᠭᠤᠨ ᠳᠤ ᠰᠤᠷᠤᠯᠴᠠᠬᠤ᠂ ᠶᠠᠭᠤ ᠶᠢ ᠰᠤᠷᠤᠯᠴᠠᠬᠤ᠂ ᠶᠠᠭᠠᠬᠢᠵᠤ ᠰᠤᠷᠤᠯᠴᠠᠬᠤ ᠶᠢ ᠲᠣᠳᠣᠷᠬᠠᠶ ᠪᠤᠯᠭᠠᠵᠤ᠂ ︽ᠨᠠᠢᠮᠠ ᠶᠢ ᠭᠦᠨᠵᠡᠭᠡᠶ ᠣᠶᠢᠯᠠᠭᠠᠵᠤ᠂ ᠨᠠᠢᠮᠠ ᠶᠢ ᠣᠨᠣᠪᠴᠢᠲᠠᠶ ᠡᠵᠡᠮᠳᠡᠬᠦ︾ ᠶᠢ ᠰᠡᠳᠬᠢᠯ ᠳᠡᠭᠡᠨ ᠰᠢᠩᠭᠡᠭᠡᠵᠦ᠂ ᠦᠶᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠪᠠᠲᠤ ᠴᠢᠩᠭ᠎ᠠ ᠰᠠᠬᠢᠯᠭ᠎ᠠ ᠪᠠᠲᠤ ᠪᠠᠷ ᠬᠥᠭᠵᠢᠯᠲᠡ ᠶᠢ    ᠠᠳᠬᠤᠵᠤ᠂ ᠠᠵᠢᠯ ᠦᠶᠯᠡᠰ ᠬᠢᠵᠦ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠬᠢᠭᠡᠳ ᠡᠯ᠎ᠡ ᠵᠦᠶᠯ ᠤᠨ ᠠᠵᠢᠯ ᠲᠠᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠬᠡᠬᠦ ᠴᠢᠬᠤᠯᠠ ᠡᠭᠦᠷᠭᠡ ᠶᠢ ᠴᠢᠩᠭ᠎ᠠ ᠠᠳᠬᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠮᠠᠨ ᠤ ᠲᠤᠭᠤᠷᠢᠭ ᠤᠨ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠤᠨ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠢ ᠤᠶᠠᠯᠳᠤᠭᠤᠯᠵᠤ᠂ ᠬᠠᠳᠠᠭᠠᠯᠠᠬᠳᠠᠴᠠ ᠶᠢ ᠢᠳᠡᠪᠬᠢᠲᠡᠶ ᠲᠣᠭᠲᠠᠪᠤᠷᠢᠵᠢᠭᠤᠯᠵᠤ᠂ ᠬᠡᠮᠵᠢᠶ᠎ᠡ ᠶᠢ ᠨᠡᠮᠡᠭᠳᠡᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠳᠠᠪᠠᠭᠤᠯᠢᠭ ᠢ ᠡᠭᠦᠳᠬᠦ ᠬᠡᠷᠡᠭᠲᠡᠶ︔ ᠰᠤᠷᠭᠠᠨ ᠬᠥᠮᠦᠵᠢᠯ ᠤᠨ ᠥᠨᠳᠦᠷᠯᠢᠭ᠂ ᠡᠮ ᠡᠮᠨᠡᠯᠭᠡ ᠶᠢᠨ ᠥᠨᠳᠦᠷᠯᠢᠭ ᠢ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ︔ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠳᠤ ᠰᠠᠬᠢᠯᠭ᠎ᠠ ᠪᠠᠲᠤ ᠶᠢ ᠵᠠᠪᠠᠯ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠪᠡᠯ ᠵᠠᠪᠠᠯ ᠬᠠᠷᠢᠭᠤᠴᠠᠯᠭ᠎ᠠ ᠨᠡᠬᠡᠮᠵᠢᠯᠡᠵᠦ᠂ ᠢᠯᠵᠢᠷᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠲᠠᠯ᠎ᠠ ᠪᠠᠷ ᠤᠷᠢᠳ ᠢᠶᠠᠷ ᠨᠢᠭᠡ ᠠᠯᠬᠤᠮ ᠲᠦᠷᠦᠭᠦᠯᠡᠵᠦ᠂ ᠭᠦᠨᠵᠡᠭᠡᠢ ᠰᠤᠷᠤᠯᠴᠠᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ᠃ ᠤᠯᠤᠰ ᠲᠥᠷᠥ ᠶᠢᠨ ᠡᠭᠦᠷᠭᠡᠯᠡᠯ᠂ ᠶᠡᠭᠡ ᠲᠠᠯ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠡᠩᠨᠡᠭᠡ ᠶᠢ ᠬᠦᠴᠦᠷᠬᠡᠭᠵᠢᠭᠦᠯᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠶ ᠬᠡᠪᠡ᠃  ︵ᠰᠤᠷᠪᠤᠯᠵᠢᠯᠠᠭᠴᠢ᠄ ᠯᠸᠢ ᠶᠤᠸᠠᠨ ᠶᠤᠸᠠᠨ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号