ᠤᠯᠠᠮᠵᠢᠯᠠᠯᠲᠦ ᠰᠣᠶᠣᠯ ᠤᠨ ᠨᠠᠶᠢᠷ ᠭᠤᠶᠢᠳᠠ ᠰᠠᠶᠢᠬᠠᠨ ᠲᠤᠬᠯᠠᠯᠲᠠ ᠪᠠᠷ ᠪᠠᠨ ᠦᠵᠡᠭᠴᠢ ᠤᠯᠠᠨ ᠢ ᠪᠠᠶᠠᠰᠬᠠᠨ᠎ᠠ︕
ᠨᠡᠶᠢᠲᠡᠯᠡᠭᠰᠡᠨ ᠴᠠᠭ᠄
2024/6/12
    ᠪᠠᠶᠠᠷ ᠤᠨ ᠮᠠᠩᠨᠠᠢ ᠲᠡᠨᠢᠢᠵᠤ ᠬᠠᠨᠴᠤᠶ ᠰᠠᠵᠢᠯᠠᠨ ᠪᠦᠵᠢᠭᠯᠡᠬᠦ ᠨᠢ ᠴᠠᠰᠤᠨ ᠬᠠᠶᠠᠯᠠᠵᠤ ᠴᠡᠴᠡᠭ ᠲᠡᠯᠬᠡᠷᠡᠬᠦ    ᠮᠠᠳᠤ᠂ ᠬᠡᠬᠡᠨᠴᠢᠷ ᠬᠡᠦᠬᠡᠨ ᠤ ᠭᠤᠸ᠎ᠠ ᠵᠢᠰᠦ ᠬᠤᠷᠸ᠎ᠠ ᠳᠤ ᠬᠤᠤᠰ ᠦᠬᠡᠢ᠂ ᠭᠤᠶᠢᠳᠠ ᠰᠠᠶᠢᠬᠠᠨ ᠬᠢᠳᠡᠳ ᠬᠤᠪᠴᠠᠰᠤ᠂ ᠳᠡᠪᠬᠡᠷᠦᠨ ᠪᠥᠵᠢᠭᠯᠡᠬᠦ ᠳᠦᠷᠢ ᠪᠠᠶᠢᠳᠠᠯ᠂ ᠰᠡᠳᠬᠢᠯ ᠬᠥᠳᠡᠯᠭᠡᠮ᠎ᠡ ᠬᠥᠭᠵᠢᠮ ᠤᠨ ᠠᠶᠠᠰ ᠁ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢᠶᠠᠨ ᠪᠠᠶᠠᠷᠯᠠᠨ ᠪᠡᠯᠬᠡᠯᠡᠬᠦ ᠲᠠᠰᠢᠷᠠᠮ ᠢᠶᠠᠷ᠂ 6 ᠰᠠᠷ᠎ᠠ ᠶᠢᠨ 10 ᠤ ᠡᠳᠦᠷ᠂ ᠪᠤᠭᠤᠲᠤ ᠶᠢᠨ ᠰᠤ᠋ ᠨᠢᠩ ᠠᠭᠤᠳᠠᠮ ᠲᠠᠯᠠᠪᠠᠶ ᠶᠢᠨ ᠬᠢᠲᠠᠳ ᠬᠤᠪᠴᠠᠰᠤ ᠶᠢᠨ ᠲᠣᠭᠯᠠᠭᠴᠢᠳ ᠤᠨ ᠭᠤᠶᠢᠳᠠ ᠰᠠᠶᠢᠬᠠᠨ ᠦᠵᠡᠭᠦᠯᠭᠡ ᠨᠢ ᠦᠷᠬᠡᠨ ᠣᠯᠠᠨ ᠵᠢᠭᠤᠯᠴᠢᠯᠠᠭᠴᠢᠳ ᠤᠨ ᠪᠠᠭ᠋ᠠᠷᠬᠠᠯ ᠢ ᠲᠠᠳᠠᠵᠤ᠂ ᠬᠦᠮᠦᠰ ᠲᠣᠭᠤᠷᠢᠨ ᠦᠵᠡᠵᠦ᠂ ᠬᠡᠷᠡᠯ ᠵᠢᠷᠤᠭ ᠲᠠᠲᠠᠭᠤᠯᠤᠨ᠂ ᠪᠠᠶᠠᠷ ᠤᠨ ᠡᠳᠦᠷ ᠤᠨ ᠠᠵᠤ ᠠᠬᠤᠶ ᠶᠢ ᠬᠥᠭᠵᠢᠭᠡᠪᠡ᠃
    ᠠᠵᠢᠯᠯᠠᠭ᠎ᠠ ᠳᠤᠮᠳᠠ᠂ ᠬᠢᠲᠠᠳ ᠬᠤᠪᠴᠠᠰᠤᠨ ᠤ ᠲᠣᠭᠯᠠᠭᠴᠢᠳ ᠪᠦᠵᠢᠭ ︽ᠼᠠᠢ ᠸᠧᠶ︾᠂ ︽ᠡᠪ ᠨᠠᠶᠢᠷᠠᠮᠳᠠᠯ ᠤᠨ ᠳᠠᠭᠤᠤ︾᠂ ︽ᠶᠦᠨ ᠵᠥᠩ ᠵᠢᠶᠦ᠋ᠨ︾ ᠵᠢᠴᠢ ᠬᠦᠭᠵᠢᠮᠳᠡᠭᠦᠷ ᠤᠨ ᠲᠣᠭᠯᠠᠯᠲᠠ ︽ᠣᠳᠣᠨ ᠰᠠᠷᠠᠨ ᠤ ᠦᠩᠬᠡ︾᠂ ︽ᠮᠡᠳᠡᠨ᠎ᠡ ᠦᠦ︾᠂ ︽ᠤᠯᠠᠭᠠᠨ ᠶᠢᠷᠳᠢᠨᠴᠦ ᠳᠤᠷ ᠭᠤᠷᠪᠠᠨᠲᠠ ᠠᠮᠢᠯᠠᠬᠰᠠᠨ︾ ᠵᠡᠷᠭᠡ ᠣᠯᠠᠨ ᠲᠣᠭᠯᠠᠯᠲᠠ ᠭᠠᠷᠭᠠᠵᠤ᠂ ᠤᠯᠠᠮᠵᠢᠯᠠᠯᠲᠤ ᠰᠣᠶᠣᠯ ᠢᠶᠠᠷ ᠬᠤᠳᠠᠯᠳᠤᠭᠠᠨ ᠤ ᠲᠣᠭᠤᠷᠢᠭ ᠤᠨ ᠦᠵᠡᠮᠵᠢ ᠶᠢᠨ ᠴᠡᠭ ᠢ ᠤᠯᠠᠨ᠎ᠠ ᠲᠠᠨᠢᠭᠤᠯᠤᠬᠰᠠᠨ ᠪᠠᠶᠢᠨ᠎ᠠ᠃
    ᠲᠣᠰ ᠤᠳᠠᠭᠠᠨ ᠤ ᠠᠵᠢᠯᠯᠠᠭ᠎ᠠ ᠶᠢ ᠬᠥᠨᠳᠡᠯᠡᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ ᠳᠠᠭᠠᠭᠠᠴᠢᠯᠠᠨ ᠡᠷᠭᠢᠯᠡᠵᠦ᠂ ᠰᠤ᠋ ᠨᠢᠩ ᠠᠭᠤᠳᠠᠮ ᠲᠠᠯᠠᠪᠠᠶ ᠬᠠᠮᠵᠢᠯᠴᠠᠨ ᠡᠷᠭᠢᠯᠡᠪᠡ᠃ ᠬᠤᠳᠠᠯᠳᠤᠭᠠᠨ ᠤ ᠲᠣᠭᠤᠷᠢᠭ ᠤᠨ ᠦᠵᠡᠮᠵᠢ ᠶᠢᠨ ᠴᠡᠭ ᠨᠢ ᠤᠯᠠᠮᠵᠢᠯᠠᠯᠳᠤ ᠰᠣᠶᠣᠯ ᠤᠨ ᠪᠠᠶᠠᠷ ᠢ ᠤᠭᠲᠤᠵᠤ᠂ ᠤᠯᠠᠮᠵᠢᠯᠠᠯᠲᠤ ᠰᠣᠶᠣᠯ ᠤᠨ ᠲᠣᠭᠯᠠᠯᠲᠠ ᠨᠢ ᠬᠤᠳᠠᠯᠳᠤᠭᠠᠨ ᠤ ᠲᠣᠭᠤᠷᠢᠭ ᠤᠨ ᠰᠥᠨᠢ ᠶᠢᠨ ᠣᠭᠲᠠᠷᠭᠤᠶ ᠶᠢ ᠭᠡᠷᠡᠯᠲᠦᠭᠦᠯᠪᠡ᠃ ᠪᠢᠳᠡ ᠡᠨᠡ ᠤᠳᠠᠭᠠᠨ ᠤ ᠤᠯᠠᠮᠵᠢᠯᠠᠯᠲᠤ ᠰᠣᠶᠣᠯ ᠤᠨ ᠦᠪᠡᠳᠡᠭᠰᠢ ᠨᠠᠶᠢᠷ ᠢ ᠰᠣᠨᠢᠷᠬᠠᠵᠤ᠂ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠶᠢ ᠮᠡᠳᠡᠷᠡᠵᠦ᠂ ᠬᠤᠳᠠᠯᠳᠤᠭᠠᠨ ᠤ ᠲᠣᠭᠤᠷᠢᠭ ᠤᠨ ᠦᠵᠡᠮᠵᠢ ᠶᠢᠨ ᠴᠡᠭ ᠲᠤ ᠨᠠᠩ ᠣᠯᠠᠨ ᠰᠣᠶᠣᠯ ᠤᠨ ᠠᠭᠤᠷ ᠠᠮᠢᠰᠬᠤᠯ ᠢ ᠨᠡᠮᠡᠷᠢᠯᠡᠶ᠎ᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号