ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ︽ᠬᠡᠦᠬᠡᠳ ᠤᠨ ᠰᠡᠳᠬᠢᠯ ᠳᠠᠬᠢ ᠠᠮᠤᠷ ᠲᠦᠪᠰᠢᠨ︾ ᠭᠡᠬᠦ ᠭᠤᠤᠯ ᠰᠡᠳᠦᠪᠲᠦ ᠥᠩᠭᠡᠲᠦ ᠵᠢᠷᠤᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/14
      ᠬᠡᠦᠬᠡᠳ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠥᠷᠭᠡᠨ ᠣᠯᠠᠨ ᠪᠠᠭᠠᠴᠤᠳ ᠬᠡᠦᠬᠡᠳ ᠢ ᠬᠠᠷᠠᠬᠠᠨ ᠪᠠᠭ᠎ᠠ ᠠᠴᠠ ᠨᠢ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠰᠠᠶᠢᠨ ᠰᠠᠶᠢᠬᠠᠨ ᠠᠮᠤᠷ ᠲᠦᠪᠰᠢᠨ ᠤ ᠳᠠᠳᠬᠠᠯ ᠢ ᠬᠥᠮᠦᠵᠢᠭᠦᠯᠦᠨ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠪᠠ ᠠᠮᠢ ᠵᠢᠭᠤᠲᠠᠬᠤ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠬᠦ ᠶᠢ ᠰᠡᠩᠬᠡᠷᠡᠭᠦᠯᠦᠨ ᠵᠣᠷᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 12 ᠤᠨ ᠡᠳᠦᠷ᠂ ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠬᠢᠨ ᠬᠥᠨᠳᠡᠯᠡᠨ ᠲᠣᠭᠤᠷᠢᠭ ᠤᠨ ᠲᠠᠪᠤᠳᠤᠭᠠᠷ ᠳᠤᠮᠳᠠᠳᠤ ᠰᠤᠷᠭᠠᠭᠤᠯᠢ᠂ ᠤᠳᠠᠨ ᠰᠡᠭᠦᠳᠡᠷᠲᠦ ᠵᠠᠮ ᠤᠨ ᠳᠣᠯᠣᠳᠤᠭᠠᠷ ᠪᠠᠭ᠎ᠠ ᠰᠤᠷᠭᠠᠭᠤᠯᠢ ᠵᠢᠴᠢ ᠪᠤᠭᠤᠲᠤ ᠶᠢᠨ ᠪᠣᠯᠣᠳ ᠲᠡᠮᠦᠷ ᠤᠨ 104 ᠬᠠᠮᠢᠶᠠᠷᠤᠯᠲᠠ ᠶᠢᠨ ᠣᠷᠣᠨ ᠲᠠᠢ ᠬᠠᠮᠲᠤᠷᠠᠨ ᠨᠦᠬᠦᠷᠯᠡᠯ 17 ᠳ᠋ᠤᠭᠠᠷ ᠨᠡᠶᠢᠭᠡᠮ ᠲᠣᠭᠤᠷᠢᠭ ᠲᠤ ︽ᠬᠡᠦᠬᠡᠳ ᠤᠨ ᠰᠡᠳᠬᠢᠯ ᠳᠠᠬᠢ ᠠᠮᠤᠷ ᠲᠦᠪᠰᠢᠨ︾ ᠬᠡᠬᠦ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠤᠷᠠᠯᠢᠭ ᠤᠨ ᠬᠡᠯᠪᠡᠷᠢ ᠪᠠᠷ ᠳᠠᠮᠵᠢᠭᠤᠯᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠪᠠ᠃
     ᠠᠵᠢᠯᠯᠠᠭ᠎ᠠ ᠡᠬᠢᠯᠡᠮᠡᠭᠴᠡ᠂ ᠠᠩᠭᠢ ᠳᠠᠭᠠᠭᠤᠯᠤᠭᠰᠠᠨ ᠪᠠᠭᠰᠢ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠵᠢᠭᠠᠯᠲᠠ ᠶᠢᠨ ᠲᠡᠮᠳᠡᠭ ᠪᠣᠯᠤᠨ ᠤᠬᠠᠭᠤᠯᠭ᠎ᠠ ᠶᠢᠨ ᠤᠷᠢᠶ᠎ᠠ ᠯᠣᠽᠦ᠋ᠩ ᠢᠶᠠᠷ ᠳᠠᠮᠵᠢᠭᠤᠯᠤᠨ᠂ ᠣᠯᠠᠨ ᠢ ᠳᠠᠭᠠᠭᠤᠯᠤᠨ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠰᠤᠷᠤᠯᠴᠠᠭᠤᠯᠵᠠᠶ᠂ ᠵᠢᠱᠢᠶᠡᠯᠡᠪᠡᠯ ᠪᠠᠴᠢᠮ ᠲᠤᠳᠠᠭᠠᠨ ᠭᠠᠷᠬᠤ ᠡᠭᠦᠳᠡ ᠶᠢᠨ ᠲᠡᠮᠳᠡᠭ ᠨᠢ ᠶᠠᠮᠠᠷ ᠪᠠᠶᠢᠬᠤ᠂ ᠭᠠᠯ ᠤᠨ ᠳᠣᠬᠢᠶᠠᠨ ᠤ ᠤᠲᠠᠰᠤ ᠶᠢᠨ ᠨᠤᠮᠧᠷ ᠵᠡᠷᠭᠡ᠃ ᠬᠡᠦᠬᠡᠳ ᠤᠳ ᠥᠪᠡᠷ ᠤᠨ ᠣᠶᠢᠯᠠᠭᠠᠯᠲᠠ ᠪᠠᠷ ᠢᠶᠠᠨ ᠳᠠᠮᠵᠢᠨ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠦᠰ ᠤᠨ ᠳᠦᠷᠢ ᠲᠥᠷᠬᠦ ᠪᠣᠯᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠠᠭᠤᠯᠭ᠎ᠠ ᠶᠢ ᠨᠡᠶᠢᠭᠡᠮ ᠲᠣᠭᠤᠷᠢᠭ ᠤᠨ ᠵᠠᠮ ᠤᠨ ᠬᠠᠯᠬᠠᠪᠴᠢ ᠴᠢᠯᠠᠭᠤᠨ ᠲᠡᠭᠡᠷ᠎ᠡ ᠵᠢᠷᠤᠵᠤ ᠭᠠᠷᠭᠠᠨ᠂ ᠵᠠᠮ ᠢᠶᠠᠷ ᠥᠩᠭᠡᠷᠡᠬᠦ ᠴᠥᠭᠡᠨ ᠪᠤᠰᠤ ᠰᠠᠭᠤᠭᠠᠯᠢ ᠠᠷᠠᠳ ᠤᠨ ᠠᠩᠬᠠᠷᠤᠯ ᠢ ᠲᠠᠲᠠᠪᠠ᠃
     ᠠᠮᠤᠷ ᠲᠦᠪᠰᠢᠨ ᠪᠣᠯ ᠠᠮᠢ ᠨᠠᠰᠤᠨ ᠤ ᠰᠠᠭᠤᠷᠢ ᠴᠢᠯᠠᠭᠤ᠂ ᠠᠮᠤᠷ ᠲᠦᠪᠰᠢᠨ ᠪᠣᠯ ᠪᠠᠶᠠᠷ ᠵᠢᠷᠭᠠᠯ ᠳᠤ ᠬᠦᠷᠬᠦ ᠱᠠᠲᠤ᠃ ᠲᠣᠰ ᠤᠳᠠᠭᠠᠨ ᠤ ᠠᠮᠤᠷ ᠲᠦᠪᠰᠢᠨ ᠤ ᠭᠤᠤᠯ ᠰᠡᠳᠦᠪᠲᠦ ᠪᠦᠲᠦᠭᠡᠯᠴᠢ ᠪᠤᠳᠤᠭᠲᠤ ᠵᠢᠷᠤᠭ ᠤᠨ ᠠᠵᠢᠯᠯᠠᠭ᠎ᠠ ᠨᠢ ᠬᠠᠷᠢᠶ᠎ᠠ ᠣᠷᠣᠨ ᠤ ᠣᠷᠴᠢᠨ ᠲᠣᠭᠤᠷᠢᠨ ᠢ ᠭᠤᠶᠤᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ     ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠭᠦᠶᠴᠡᠳ ᠳᠠᠶᠢᠴᠢᠯᠠᠨ᠂ ᠠᠶᠤᠯᠬᠦᠢ ᠦᠶᠯᠡᠳᠪᠦᠷᠢᠯᠡᠯ ᠤᠨ ᠦᠵᠡᠯ ᠤᠬᠠᠮᠰᠠᠷ ᠢ ᠬᠡᠦᠬᠡᠳ ᠤᠨ ᠰᠡᠳᠬᠢᠯ ᠳᠤ ᠦᠨᠳᠦᠰᠦᠯᠡᠭᠦᠯᠵᠦ᠂ ᠬᠠᠷᠢᠶ᠎ᠠ ᠣᠷᠣᠨ ᠳᠠᠭᠠᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ︾ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号